3 ᠰᠠᠷ᠎ᠠ ᠶᠢᠨ 31 ᠤ ᠡᠲᠦᠷ ᠠᠴᠠ 4 ᠰᠠᠷ᠎ᠠ ᠶᠢᠨ 1 ᠤ ᠡᠳᠦᠷ ᠪᠤᠯᠲᠠᠯ᠎ᠠ ᠴᠠᠬᠠᠷ ᠪᠠᠷᠠᠭᠤᠨ ᠭᠠᠷᠤᠨ ᠬᠤᠶᠢᠲᠤ | ᠬᠤᠰᠢᠭᠤᠨ ᠤ ᠨᠠᠮ ᠤᠨ ᠬᠤᠷᠢᠶ᠎ᠠ ᠳᠦᠪ ᠤᠨ ᠨᠠᠢᠮᠠᠨ ᠲᠤᠭᠲᠠᠭᠠᠯ ᠤᠨ ᠵᠤᠷᠢᠭ ᠰᠠᠨᠠᠭ᠎ᠠ ᠶᠢ ᠭᠦᠨᠵᠡᠬᠡᠢ | ᠲᠤᠤᠱᠯᠠᠭᠤᠯᠬᠤ ᠰᠤᠷᠤᠯᠴᠠᠯᠭ᠎ᠠ ᠬᠦᠮᠦᠵᠢᠯ ᠤᠨ ᠳᠤᠰᠬᠠᠢ ᠰᠡᠲᠦᠪᠲᠦ ᠨᠤᠮ ᠤᠩᠰᠢᠬᠤ ᠠᠩᠭᠢ ᠡᠷᠭᠢᠯᠡᠪᠡ᠃ | ᠬᠤᠰᠢᠭᠤᠨ ᠤ ᠨᠠᠮ ᠤᠨ ᠬᠤᠷᠢᠶᠠᠨ ᠤ ᠱᠦᠵᠢ ᠼᠦᠢ ᠶᠦᠩ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃ | | ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠵᠠᠩ ᠵᠢᠶᠠᠨ ᠪᠢᠨ᠂ | ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ | ᠵᠠᠩ ᠰᠢᠤ ᠴᠢᠩ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠵᠠᠩ ᠬᠠᠶ ᠬᠤᠩ᠂ | ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ ᠤ ᠤᠳᠤᠷᠢᠳᠤᠯᠭ᠎ᠠ | ᠪᠠ ᠰᠢᠭᠦᠬᠦ ᠬᠤᠷᠢᠶ᠎ᠠ ᠪᠠᠶᠢᠴᠠᠭᠠᠬᠤ ᠬᠤᠷᠢᠶ᠎ᠠ ᠶᠢᠨ ︽ᠬᠤᠶᠠᠷ ᠳᠠᠷᠤᠭ᠎ᠠ︾ ᠣᠷᠣᠯᠴᠠᠵᠠᠶ᠃ | ᠨᠣᠮ ᠤᠩᠰᠢᠬᠤ ᠠᠩᠭᠢ ᠳᠤ ᠲᠤᠰᠬᠠᠶ ᠰᠡᠳᠦᠪᠲᠦ ᠲᠠᠶᠢᠯᠤᠮᠵᠢ ᠬᠢᠬᠦ᠂ ᠺᠠᠳ᠋ᠷ ᠳᠠᠭᠠᠭᠤᠯᠤᠨ ᠰᠤᠷᠤᠯᠴᠠᠬᠤ᠂ | ᠲᠥᠪᠯᠡᠷᠡᠭᠦᠯᠦᠨ ᠨᠣᠮ ᠤᠩᠰᠢᠬᠤ ᠪᠠ ᠰᠤᠳᠤᠯᠤᠨ ᠶᠠᠷᠢᠯᠴᠠᠵᠤ ᠰᠣᠯᠢᠯᠴᠠᠬᠤ ᠶᠢ ᠤᠶᠠᠯᠳᠤᠭᠤᠯᠬᠤ ᠠᠷᠭ᠎ᠠ | ᠮᠠᠶ᠋ᠢᠭ ᠢᠶᠠᠷ ᠶᠠᠪᠤᠭᠳᠠᠪᠠ᠃ ᠪᠡᠭᠡᠵᠢᠩ ᠬᠤᠲᠠ ᠶᠢᠨ ᠳ᠋ᠦᠩ ᠴᠧᠩ ᠲᠣᠭᠤᠷᠢᠭ ᠤᠨ ᠨᠠᠮ ᠤᠨ ᠬᠤᠷᠢᠶᠠᠨ ᠤ ᠨᠠᠮ ᠤᠨ | ᠰᠤᠷᠭᠠᠭᠤᠯᠢ ᠶᠢᠨ ᠬᠠᠮᠢᠶᠠᠷᠤᠯᠲᠠ ᠶᠢᠨ ᠵᠢᠭᠠᠨ ᠰᠤᠳᠤᠯᠬᠤ ᠲᠠᠰᠤᠭ ᠤᠨ ᠡᠷᠬᠢᠯᠡᠭᠴᠢ᠂ ᠳᠡᠳ᠋ ᠫᠷᠤᠹᠧᠰᠰᠤᠷ ᠰᠢᠤᠢ | ᠱᠧᠩ ︽ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠲᠤᠤᠱᠯᠠᠭᠤᠯᠵᠤ ᠪᠥᠬᠦ ᠲᠠᠯ᠎ᠠ ᠪᠠᠷ ᠨᠠᠮ ᠢ ᠴᠢᠩᠭ᠎ᠠ | ᠵᠠᠰᠠᠬᠤ ᠶᠢ ᠠᠬᠢᠭᠤᠯᠤᠶ᠎ᠠ︾ ᠭᠡᠬᠦ ᠰᠡᠳᠦᠪ ᠢᠶᠠᠷ ᠲᠤᠰᠬᠠᠶ ᠰᠡᠳᠦᠪ ᠢᠶᠠᠷ ᠬᠢᠴᠢᠶᠡᠯ ᠣᠷᠣᠪᠠ᠃ ᠬᠤᠷᠠᠯ ᠳᠤ | ᠣᠷᠣᠯᠴᠠᠭᠰᠠᠨ ᠤᠳᠤᠷᠢᠳᠬᠤ ᠺᠠᠳ᠋ᠷ ︽ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠰᠢ ᠶᠢᠨ | ᠫᠢᠩ ᠤᠨ ᠥᠭᠦᠯᠡᠯᠲᠡ ᠶᠢᠨ ᠲᠡᠭᠦᠪᠦᠷᠢ︾᠂ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠢ | ᠨᠠᠷᠢᠨ ᠬᠢᠨᠠᠮᠠᠭᠠᠶ ᠰᠤᠷᠤᠯᠴᠠᠭᠰᠠᠨ ᠪᠥᠭᠡᠳ ᠲᠣᠰ ᠪᠡᠶ᠎ᠡ ᠶᠢᠨ ᠦᠵᠡᠯ ᠰᠠᠨᠠᠭ᠎ᠠ ᠪᠣᠯᠤᠨ ᠠᠵᠢᠯ ᠤᠨ ᠪᠣᠳᠠᠲᠤ | ᠪᠠᠶᠢᠳᠠᠯ ᠲᠠᠢ ᠪᠠᠨ ᠤᠶᠠᠯᠳᠤᠭᠤᠯᠤᠨ ᠭᠦᠨᠵᠡᠭᠡᠶ ᠰᠣᠯᠢᠯᠴᠠᠨ ᠰᠤᠳᠤᠯᠤᠨ ᠶᠠᠷᠢᠯᠴᠠᠪᠠ᠃ | ᠼᠦᠢ ᠶᠦᠩ ᠬᠡᠯᠡᠬᠦ ᠳᠡᠭᠡᠨ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭᠠᠨ ᠤ ᠰᠤᠷᠤᠯᠴᠠᠯᠭ᠎ᠠ | ᠬᠥᠮᠦᠵᠢᠯ ᠢ ᠭᠦᠨᠵᠡᠭᠡᠢ ᠲᠤᠤᠱᠯᠠᠭᠤᠯᠬᠤ ᠪᠣᠯ ᠨᠢᠭᠡ ᠭᠤᠣᠯ ᠰᠢᠵᠢᠮ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ | ᠵᠡᠷᠭᠡ ᠪᠦᠬᠦ ᠬᠤᠰᠢᠭᠤᠨ ᠤ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠤᠨ ᠬᠦᠴᠦᠲᠡᠢ ᠪᠠᠲᠤᠯᠠᠭ᠎ᠠ ᠮᠥᠨ᠃ ᠪᠥᠬᠦ | ᠬᠤᠰᠢᠭᠤᠨ ᠤ ᠨᠠᠮ ᠤᠨ ᠭᠡᠰᠢᠭᠦᠨ ᠺᠠᠳ᠋ᠷᠴᠤᠳ ᠦᠵᠡᠯ ᠰᠠᠨᠠᠭ᠎ᠠ ᠲᠠᠨᠢᠯᠲᠠ ᠪᠠᠨ ᠴᠢᠩᠭᠠᠳᠬᠠᠵᠤ᠂ ᠦᠵᠡᠯ ᠰᠠᠨᠠᠭ᠎ᠠ | ᠪᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ | ᠬᠤᠲᠠ ᠶᠢᠨ ᠨᠠᠮ ᠤᠨ ᠬᠤᠷᠢᠶ᠎ᠠ ᠪᠠ ᠬᠤᠰᠢᠭᠤᠨ ᠤ ᠨᠠᠮ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠳᠡᠭᠡᠳᠦ ᠬᠡᠮᠵᠢᠶᠡᠨ ᠤ ᠤᠯᠤᠰ ᠲᠥᠷᠥ ᠶᠢᠨ ᠤᠬᠠᠮᠰᠠᠷ᠂ ᠦᠵᠡᠯ | ᠰᠠᠨᠠᠭᠠᠨ ᠤ ᠤᠬᠠᠮᠰᠠᠷ ᠪᠠ ᠦᠢᠯᠡ ᠠᠵᠢᠯᠯᠠᠭᠠᠨ ᠤ ᠤᠬᠠᠮᠰᠠᠷ ᠢᠶᠠᠷ ᠰᠤᠷᠤᠯᠴᠠᠯᠭ᠎ᠠ ᠬᠥᠮᠦᠵᠢᠯ ᠢ ᠭᠦᠨᠵᠡᠭᠡᠶᠢᠷᠡᠭᠦᠯᠦᠨ | ᠪᠣᠳᠠᠲᠠᠶᠢᠵᠢᠭᠤᠯᠬᠤ ᠶᠢ ᠯᠠᠪᠳᠠᠭᠤᠨ ᠪᠠᠲᠤᠲᠠᠶ ᠠᠬᠢᠭᠤᠯᠬᠤ ᠬᠡᠷᠡᠭᠲᠡᠶ᠃ ᠭᠤᠣᠯᠳᠠᠯᠭ᠎ᠠ ᠲᠠᠢ ᠠᠭᠤᠯᠭ᠎ᠠ ᠶᠢ ᠡᠵᠡᠮᠳᠡᠵᠦ᠂ | ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ | ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠥᠭᠦᠯᠡᠯᠲᠡ ᠶᠢ ᠭᠦᠨᠵᠡᠭᠡᠢ ᠰᠤᠷᠤᠯᠴᠠᠵᠤ᠂ ᠲᠥᠪ ᠤᠨ | ᠨᠠᠢᠮᠠᠨ ᠲᠣᠭᠲᠠᠭᠠᠯ ᠤᠨ ᠵᠣᠷᠢᠭ ᠰᠠᠨᠠᠭᠠᠨ ᠤ ᠭᠤᠣᠯ ᠴᠢᠮᠥᠭᠡ ᠴᠢᠬᠤᠯᠠ ᠠᠭᠤᠯᠭ᠎ᠠ ᠶᠢ ᠣᠨᠣᠪᠴᠢᠲᠠᠢ ᠡᠵᠡᠮᠳᠡᠵᠦ᠂ | ᠥᠪᠡᠷ ᠢ ᠪᠠᠨ ᠦᠨᠡᠨ ᠬᠦ ᠣᠷᠣᠭᠤᠯᠵᠤ᠂ ᠠᠵᠢᠯ ᠢᠶᠠᠨ ᠣᠷᠣᠭᠤᠯᠵᠤ᠂ ᠡᠭᠦᠷᠭᠡ ᠬᠠᠷᠢᠭᠤᠴᠠᠯᠭ᠎ᠠ ᠪᠠᠨ ᠣᠷᠣᠭᠤᠯᠬᠤ | ᠬᠡᠷᠡᠭᠲᠡᠢ᠃ ᠦᠨᠡᠨ ᠢ ᠪᠠᠷᠢᠮᠲᠠᠯᠠᠨ ᠪᠣᠳᠠᠲᠠᠶ ᠶᠢ ᠡᠷᠬᠢᠮᠯᠡᠬᠦ ᠶᠢ ᠪᠡᠶᠡᠯᠡᠭᠦᠯᠵᠦ᠂ ︽ᠪᠣᠳᠠᠲᠠᠢ︾ ᠪᠠᠶᠢᠬᠤ ᠳᠡᠭᠡᠷ᠎ᠡ | ᠢᠯᠡᠭᠦᠬᠡᠨ ᠬᠦᠴᠦ ᠣᠷᠣᠭᠤᠯᠵᠤ᠂ ᠡᠳᠦᠷ ᠲᠤᠲᠤᠮ ᠤᠨ ᠭᠤᠤᠯᠳᠠᠯᠭ᠎ᠠ ᠲᠠᠢ ᠠᠵᠢᠯ ᠤᠨ ᠡᠭᠦᠷᠭᠡ ᠲᠠᠢ ᠨᠢᠭᠡᠳᠦᠯᠲᠡᠶ | ᠲᠥᠯᠥᠪᠵᠢᠭᠦᠯᠦᠨ ᠠᠬᠢᠭᠤᠯᠵᠤ᠂ ᠨᠠᠢᠮᠠᠨ ᠲᠣᠭᠲᠠᠭᠠᠯᠲᠤ ᠬᠡᠪ ᠵᠠᠩᠰᠢᠯ ᠢ ᠪᠣᠶ ᠪᠣᠯᠭᠠᠬᠤ ᠶᠢ ᠠᠬᠢᠭᠤᠯᠵᠤ᠂ | ᠣᠳᠣᠬᠢᠴᠢᠯᠠᠭᠰᠠᠨ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠪᠥᠲᠥᠭᠡᠨ ᠪᠠᠶᠢᠭᠤᠯᠤᠯᠲᠠ ᠳᠤ ᠰᠢᠨ᠎ᠡ | ᠬᠤᠪᠢ ᠨᠡᠮᠡᠷᠢ ᠦᠵᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃ | | | ᠵᠣᠬᠢᠶᠠᠭᠴᠢ᠄ ᠴᠢᠮᠡᠬᠡᠯᠡᠭᠴᠢ᠄ ᠴᠢ ᠷᠦᠢ ᠶᠢᠨ᠂ ᠸᠠᠩ ᠱᠤ᠋ ᠸᠧᠨ | ᠤᠷᠴᠢᠭᠤᠯᠤᠭᠴᠢ᠄ ᠰᠤᠷᠤᠨ᠎ᠠ | ᠬᠢᠨᠠᠭᠴᠢ᠄ ᠡᠷᠳᠡᠨᠢᠴᠢᠮᠡᠭ | |