ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠶᠡᠷᠦᠩᠬᠡᠶ ᠱᠦᠵᠢ ᠰᠢ ᠶᠢᠨ ᠫᠢᠩ ᠤᠨ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠬᠤ ᠪᠠᠷ ᠭᠤᠤᠯ ᠰᠢᠵᠢᠮ ᠪᠣᠯᠭᠠᠵᠤ᠂ ︽ᠠᠵᠤ ᠦᠢᠯᠡᠰ ᠢᠶᠠᠷ ᠰᠠᠭᠤᠷᠢ ᠲᠠᠯᠪᠢᠬᠤ᠂ ᠮᠥᠩᠭᠦᠨ | ᠭᠦᠢᠯᠭᠡᠭᠡ ᠪᠠᠷ ᠡᠨᠧᠷᠭᠢ ᠣᠯᠭᠤᠬᠤ᠂ ᠠᠵᠢᠯ ᠣᠯᠭᠤᠯᠲᠠ ᠪᠠᠷ ᠰᠤᠪᠠᠭ ᠥᠷᠭᠡᠳᠬᠡᠬᠦ︾ ᠭᠤᠷᠪᠠᠨ ᠶᠡᠭᠡ ᠰᠢᠨ᠎ᠡ ᠶᠢ | ᠡᠭᠦᠳᠬᠦ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠠᠮᠢᠵᠢᠷᠠᠯ ᠤᠨ | ᠬᠦᠴᠦᠨ ᠢ ᠪᠥᠬᠦ ᠲᠠᠯ᠎ᠠ ᠪᠠᠷ ᠬᠥᠭᠵᠢᠭᠡᠪᠡ᠃ | ᠠᠵᠤ ᠦᠢᠯᠡᠰ ᠲᠤ ᠰᠠᠭᠤᠷᠢ ᠲᠠᠯᠪᠢᠵᠤ ᠠᠷᠠᠳ ᠢ ᠪᠠᠶᠠᠵᠢᠭᠤᠯᠤᠨ ᠬᠡᠯᠬᠢᠶ᠎ᠡ ᠶᠢ ᠬᠦᠴᠦᠷᠬᠡᠭᠵᠢᠭᠦᠯᠬᠦ᠃ ᠴᠠᠬᠠᠷ | ᠪᠠᠷᠠᠭᠤᠨ ᠭᠠᠷᠤᠨ ᠬᠤᠶᠢᠲᠤ ᠬᠤᠰᠢᠭᠤ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠪᠠᠷ ᠭᠤᠤᠯ ᠭᠠᠷᠳᠠᠴᠠ | ᠪᠣᠯᠭᠠᠵᠤ᠂ ᠵᠢᠯ ᠤᠨ ᠳᠣᠲᠣᠷ᠎ᠠ 11 ᠭᠤᠤᠯᠳᠠᠯᠭ᠎ᠠ ᠲᠠᠢ ᠠᠵᠤ ᠦᠢᠯᠡᠰ ᠤᠨ ᠲᠥᠷᠥᠯ ᠵᠦᠢᠯ ᠢ ᠬᠡᠷᠡᠭᠵᠢᠭᠦᠯᠵᠦ᠂ | ᠶᠠᠳᠠᠭᠤ ᠠᠴᠠ ᠠᠩᠭᠢᠵᠢᠷᠠᠭᠰᠠᠨ ᠡᠷᠦᠬᠡ 5360 ᠡᠷᠦᠬᠡ᠂ ᠬᠢᠨᠠᠨ ᠬᠡᠮᠵᠢᠬᠦ ᠡᠲᠡᠭᠡᠳ 11560 ᠬᠥᠮᠦᠨ ᠢ | ᠬᠠᠮᠤᠷᠪᠠ᠃ ᠡᠭᠦᠨ ᠤ ᠬᠠᠮᠲᠤ ᠲᠥᠮᠥᠰᠥ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ | ᠬᠦᠷᠢᠶᠡᠯᠡᠩ᠂ ᠠᠯᠠᠰᠢᠨ ᠦᠬᠡᠷ ᠤᠨ ᠠᠵᠤ ᠦᠢᠯᠡᠰ ᠤᠨ ᠬᠦᠷᠢᠶᠡᠯᠡᠩ᠂ ᠠᠯᠠᠰᠢᠨ ᠬᠤᠨᠢ ᠪᠣᠷᠳᠣᠵᠤ | ᠲᠠᠷᠭᠤᠯᠠᠭᠤᠯᠬᠤ ᠠᠵᠤ ᠦᠢᠯᠡᠰ ᠤᠨ ᠬᠦᠷᠢᠶᠡᠯᠡᠩ ᠵᠢᠴᠢ ᠴᠠᠭᠠᠨ ᠢᠳᠡᠭᠡᠨ ᠤ ᠵᠢᠵᠢᠭ ᠪᠠᠯᠭᠠᠰᠤ ︽ᠳᠥᠷᠪᠡᠨ ᠶᠡᠭᠡ | ᠬᠦᠷᠢᠶᠡᠯᠡᠩ ᠲᠣᠭᠤᠷᠢᠭ︾ ᠢ ᠪᠠᠶᠢᠭᠤᠯᠬᠤ ᠪᠠᠷ ᠳᠠᠮᠵᠢᠭᠤᠯᠤᠨ᠂ ︽ᠲᠥᠮᠥᠰᠥ᠂ ᠦᠬᠡᠷ ᠬᠤᠨᠢᠨ ᠤ ᠰᠦ︾ ᠶᠢᠨ | ᠭᠤᠤᠯᠯᠠᠬᠤ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ | ︽ᠬᠦᠷᠢᠶᠡᠯᠡᠩ ᠲᠣᠭᠤᠷᠢᠭ ᠤᠨ ᠲᠠᠷᠢᠶᠠᠴᠢᠨ ᠡᠷᠦᠬᠡ︾ ᠶᠢᠨ ᠲᠠᠷᠢᠶᠠᠯᠠᠩ ᠲᠠᠢ ᠬᠤᠯᠪᠣᠭᠠᠯᠠᠵᠤ ᠲᠠᠷᠢᠶᠠᠯᠠᠩ ᠢ | ᠳᠠᠶᠢᠴᠢᠯᠠᠬᠤ ᠵᠠᠭᠪᠤᠷ ᠢ ᠪᠣᠶ ᠪᠣᠯᠭᠠᠨ᠎ᠠ᠃ | ᠮᠥᠩᠭᠦᠨ ᠭᠦᠢᠯᠭᠡᠭᠡᠨ ᠤ ᠴᠢᠳᠠᠪᠤᠷᠢ ᠣᠯᠭᠤᠵᠤ᠂ ᠬᠦᠷᠢᠶᠡᠨ ᠤ ᠠᠵᠤ ᠠᠬᠤᠢ ᠶᠢ ᠬᠥᠭᠵᠢᠭᠡᠨ᠎ᠡ᠃ ᠮᠠᠯᠴᠢᠨ | ᠲᠠᠷᠢᠶᠠᠴᠢᠨ ᠤ ᠪᠡᠯᠡ ᠴᠤᠭᠯᠠᠭᠤᠯᠬᠤ ᠬᠡᠷᠡᠭᠴᠡᠭᠡ ᠱᠠᠭᠠᠷᠳᠠᠯᠭ᠎ᠠ ᠳᠤ ᠴᠢᠭᠯᠡᠭᠦᠯᠦᠨ᠂ ᠴᠠᠬᠠᠷ ᠪᠠᠷᠠᠭᠤᠨ ᠭᠠᠷᠤᠨ | ᠬᠤᠶᠢᠲᠤ ᠬᠤᠰᠢᠭᠤ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ ᠪᠠᠭ᠎ᠠ ᠲᠣᠭᠠᠨ ᠤ ᠢᠲᠡᠭᠡᠮᠵᠢᠲᠦ | ᠵᠢᠭᠡᠯᠡᠯᠭᠡ ᠶᠢ ᠣᠶᠢᠯᠭᠠᠨ ᠵᠢᠭᠰᠠᠭᠠᠬᠤ ᠡᠷᠴᠢᠮ ᠢᠶᠠᠨ ᠴᠢᠩᠭᠠᠷᠠᠭᠤᠯᠵᠤ᠂ ᠨᠥᠬᠦᠴᠡᠯ ᠳᠤ ᠨᠡᠶᠢᠴᠡᠬᠦ ᠲᠠᠷᠢᠶᠠᠴᠢᠨ | ᠡᠷᠦᠬᠡ ᠶᠢᠨ ︽ᠵᠢᠭᠡᠯᠡᠪᠡᠰᠦ ᠵᠣᠬᠢᠬᠤ ᠶᠢ ᠨᠢ ᠪᠦᠬᠦᠨ ᠢ ᠵᠢᠭᠡᠯᠡᠬᠦ︾ ᠶᠢ ᠦᠨᠡᠨᠬᠦ ᠪᠠᠲᠤᠯᠠᠪᠠ᠃ ᠡᠷᠦᠬᠡ ᠳᠤ ᠱᠠᠩᠨᠠᠵᠤ | ᠨᠥᠬᠦᠪᠥᠷᠢᠯᠡᠬᠦ ᠲᠥᠷᠥ ᠶᠢᠨ ᠪᠣᠳᠣᠯᠭ᠎ᠠ ᠪᠠᠷ ᠳᠠᠮᠵᠢᠭᠤᠯᠤᠨ ᠣᠨᠴᠠᠯᠢᠭᠲᠤ ᠲᠠᠷᠢᠵᠤ ᠲᠡᠵᠢᠭᠡᠬᠦ ᠦᠢᠯᠡᠰ ᠵᠢᠴᠢ | ᠬᠦᠷᠢᠶ᠎ᠡ ᠬᠠᠰᠢᠶ᠎ᠠ ᠶᠢᠨ ᠠᠵᠤ ᠠᠬᠤᠶ ᠶᠢ ᠵᠣᠷᠢᠭᠵᠢᠭᠤᠯᠤᠨ ᠬᠥᠭᠵᠢᠭᠦᠯᠵᠦ᠂ ᠲᠠᠷᠢᠶᠠᠴᠢᠨ ᠡᠷᠦᠬᠡ ᠶᠢᠨ ᠳᠣᠲᠣᠭᠠᠳᠤ | ᠬᠥᠳᠡᠯᠭᠡᠬᠦ ᠬᠦᠴᠦᠨ ᠢ ᠬᠥᠭᠵᠢᠭᠡᠵᠦ᠂ ︽ᠵᠢᠵᠢᠭ ᠬᠦᠷᠢᠶ᠎ᠡ ᠬᠠᠰᠢᠶ᠎ᠠ︾ ᠨᠢ ︽ᠣᠷᠣᠯᠭ᠎ᠠ ᠪᠠᠨ ᠶᠡᠬᠡᠪᠡᠷ | ᠨᠡᠮᠡᠭᠳᠡᠭᠦᠯᠬᠦ︾ ᠶᠢ ᠪᠡᠶᠡᠯᠡᠭᠦᠯᠦᠨ᠎ᠡ᠃ ᠣᠳᠣᠬᠠᠨ ᠳᠤ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠨᠢᠭᠡᠨᠲᠡ | ᠵᠣᠯᠭᠠᠭᠤᠯᠬᠤ ᠪᠡᠯᠡ ᠮᠥᠩᠭᠦ ᠵᠢᠴᠢ ᠪᠡᠭᠡᠵᠢᠩ ᠥᠪᠥᠷ ᠮᠣᠩᠭᠤᠯ ᠤᠨ ᠬᠠᠮᠵᠢᠯᠴᠠᠬᠤ ᠪᠡᠯᠡ ᠮᠥᠩᠭᠦ ᠶᠢ 1.1 | ᠳ᠋ᠦᠩᠰᠢᠭᠤᠷ ᠲᠥᠭᠦᠷᠢᠭ ᠨᠢᠭᠡᠳᠦᠯᠲᠡᠶ ᠲᠥᠯᠥᠪᠯᠡᠨ ᠣᠷᠣᠭᠤᠯᠵᠤ᠂ 1.1 ᠲᠦᠮᠡᠨ ᠮᠠᠯᠴᠢᠨ ᠲᠠᠷᠢᠶᠠᠴᠢᠨ ᠳᠤ ᠠᠰᠢᠭ | ᠬᠦᠷᠲᠡᠭᠡᠵᠦ᠂ ᠡᠷᠦᠬᠡ ᠪᠦᠷᠢ ᠶᠢᠨ ᠳᠤᠮᠳᠠᠴᠢ ᠣᠷᠣᠯᠭ᠎ᠠ ᠶᠢ 1500 ᠲᠥᠭᠦᠷᠢᠭ ᠳᠠᠪᠠᠭᠤᠯᠪᠠ᠃ | ᠠᠵᠢᠯ ᠣᠯᠭᠤᠯᠲᠠ ᠪᠠᠷ ᠠᠷᠭ᠎ᠠ ᠵᠠᠮ ᠢ ᠥᠷᠭᠡᠳᠬᠡᠵᠦ᠂ ᠠᠷᠠᠳ ᠤᠨ ᠠᠮᠢᠳᠤᠷᠠᠯ ᠤᠨ ᠰᠠᠭᠤᠷᠢ ᠶᠢ | ᠲᠣᠭᠲᠠᠪᠤᠷᠢᠵᠢᠭᠤᠯᠤᠨ᠎ᠠ᠃ ᠠᠵᠢᠯ ᠣᠯᠭᠤᠬᠤ ᠬᠦᠷᠢᠶ᠎ᠡ ᠴᠠᠷᠠᠭ᠎ᠠ ᠳᠤ᠂ ︽ᠱᠠᠩᠨᠠᠵᠤ ᠨᠥᠬᠦᠪᠦᠷᠢᠯᠡᠬᠦ | ᠪᠣᠯᠪᠠᠰᠤᠷᠠᠭᠤᠯᠤᠯ ᠤᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ︾ ᠬᠠᠮ ᠠᠷᠭ᠎ᠠ ᠬᠡᠮᠵᠢᠶ᠎ᠡ ᠠᠪᠴᠤ᠂ ᠠᠵᠢᠯ | ᠬᠥᠳᠡᠯᠮᠥᠷᠢ ᠬᠢᠬᠦ ᠶᠢᠨ ᠱᠠᠩᠨᠠᠵᠤ ᠨᠥᠬᠦᠪᠦᠷᠢᠯᠡᠬᠦ ᠪᠠ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠨᠥᠬᠦᠪᠦᠷᠢ ᠶᠢᠨ | ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢᠨ ᠬᠠᠮᠲᠤ ᠬᠠᠨᠳᠤᠯᠭᠠᠲᠤ ᠴᠢᠨᠠᠷᠲᠠᠢ ᠠᠵᠢᠯ ᠮᠡᠷᠭᠡᠵᠢᠯ ᠤᠨ ᠤᠷ᠎ᠠ | ᠴᠢᠳᠠᠪᠤᠷᠢ ᠶᠢᠨ ᠪᠣᠯᠪᠠᠰᠤᠷᠠᠭᠤᠯᠤᠯ ᠥᠷᠨᠢᠭᠦᠯᠦᠨ᠎ᠡ᠃ ᠣᠳᠣᠬᠠᠨ ᠳᠤ᠂ ᠪᠦᠬᠦ ᠬᠤᠰᠢᠭᠤᠨ ᠤ ᠶᠠᠳᠠᠭᠤ ᠠᠴᠠ | ᠠᠩᠭᠢᠵᠢᠷᠠᠭᠰᠠᠨ ᠬᠥᠮᠦᠨ ᠠᠮᠠ ᠶᠢᠨ ᠠᠵᠢᠯ ᠬᠢᠬᠦ ᠬᠡᠪᠴᠢᠶ᠎ᠡ ᠶᠢ 5000 ᠬᠥᠮᠦᠨ ᠣᠷᠴᠢᠮ ᠳᠤ | ᠲᠣᠭᠲᠠᠪᠤᠷᠢᠵᠢᠭᠤᠯᠪᠠ᠃ | ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠡᠯ᠎ᠡ ᠵᠦᠢᠯ ᠤᠨ ᠠᠷᠭ᠎ᠠ ᠬᠡᠮᠵᠢᠶ᠎ᠡ ᠪᠠᠨ ᠦᠷᠭᠦᠯᠵᠢᠯᠡᠨ | ᠭᠦᠨᠵᠡᠭᠡᠶᠢᠷᠡᠭᠦᠯᠵᠦ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠳᠤ ᠲᠠᠰᠤᠷᠠᠯᠲᠠ ᠦᠭᠡᠢ ᠰᠢᠨ᠎ᠡ ᠬᠥᠳᠡᠯᠭᠡᠬᠦ ᠬᠦᠴᠦᠨ ᠨᠡᠮᠡᠷᠢᠯᠡᠨ᠎ᠡ᠃ | | | ᠵᠣᠬᠢᠶᠠᠭᠴᠢ᠄ ᠰᠦᠨ ᠯᠢ ᠨᠠ | ᠴᠢᠮᠡᠭᠡᠯᠡᠭᠴᠢ᠄ ᠪᠦᠦ ᠵᠠᠨ ᠹᠧᠢ | ᠤᠷᠴᠢᠭᠤᠯᠤᠭᠴᠢ᠄ ᠰᠤᠷᠤᠨ᠎ᠠ | ᠬᠢᠨᠠᠭᠴᠢ᠄ ᠡᠷᠳᠡᠨᠢᠴᠢᠮᠡᠭ | | |