4 ᠰᠠᠷ᠎ᠠ ᠶᠢᠨ 22 ᠤᠨ ᠡᠳᠦᠷ᠂ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ | ᠳᠠᠷᠤᠭ᠎ᠠ ᠵᠠᠩ ᠵᠢᠶᠠᠨ ᠪᠢᠨ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ | 2025 ᠣᠨ ᠤ 7 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠵᠢᠴᠢ ᠲᠣᠭᠤᠷᠢᠨ ᠪᠠᠶᠢᠴᠠᠭᠠᠵᠤ ᠬᠠᠷᠢᠭᠤ | ᠲᠤᠰᠬᠠᠭᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠬᠤ ᠠᠵᠢᠯ ᠢ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ᠃ | | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠤᠢᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶᠠᠨ ᠤ | ᠵᠣᠷᠢᠭ ᠰᠠᠨᠠᠭ᠎ᠠ᠂ ᠲᠥᠪ ᠤᠨ ᠴᠢᠬᠤᠯᠠ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠡᠯ᠎ᠡ | ᠲᠦᠷᠦᠭᠦᠯᠡᠨ ᠬᠢᠬᠦ ᠰᠠᠯᠠᠭ᠎ᠠ ᠮᠥᠴᠢᠷ ᠤᠨ ᠴᠡᠭᠴᠡᠯᠡᠨ ᠰᠠᠶᠢᠵᠢᠷᠠᠭᠤᠯᠬᠤ ᠶᠢ ᠪᠡᠶᠡᠯᠡᠭᠦᠯᠦᠭᠰᠡᠨ ᠪᠠᠶᠢᠳᠠᠯ ᠤᠨ ᠬᠠᠷᠢᠭᠤ | ᠮᠡᠳᠡᠭᠦᠯᠦᠯᠲᠡ ᠶᠢ ᠰᠣᠨᠣᠰᠴᠠᠢ᠃ | ᠬᠤᠷᠠᠯ ᠠᠴᠠ ᠴᠢᠬᠤᠯᠠᠴᠢᠯᠠᠭᠰᠠᠨ ᠨᠢ᠂ ᠴᠡᠭᠴᠡᠯᠡᠨ ᠰᠠᠶᠢᠵᠢᠷᠠᠭᠤᠯᠬᠤ ᠶᠢ ᠴᠢᠨᠠᠷ ᠰᠠᠶᠢᠲᠠᠢ ᠥᠨᠳᠥᠷ | ᠪᠦᠲᠦᠮᠵᠢᠲᠡᠢ ᠠᠳᠬᠤᠵᠤ᠂ ᠨᠢᠭᠡᠨᠲᠡ ᠪᠡᠶᠡᠯᠡᠭᠦᠯᠦᠭᠰᠡᠨ ᠠᠰᠠᠭᠤᠳᠠᠯ ᠳᠤ ︽ᠡᠷᠬᠢᠨ ᠬᠠᠷᠠᠬᠤ︾ ᠠᠵᠢᠯ ᠢ ᠡᠯ᠎ᠡ | ᠲᠦᠷᠦᠭᠦᠯᠡᠨ ᠬᠢᠬᠦ ᠰᠠᠯᠠᠭ᠎ᠠ ᠮᠥᠴᠢᠷ ᠤᠨ ᠬᠢᠨ ᠰᠠᠶᠢᠲᠤᠷ ᠪᠡᠯᠡᠳᠬᠡᠵᠦ᠂ ᠬᠤᠭᠤᠴᠠᠭ᠎ᠠ ᠲᠣᠭᠲᠠᠭᠠᠨ ᠴᠡᠭᠴᠡᠯᠡᠨ | ᠰᠠᠶᠢᠵᠢᠷᠠᠭᠤᠯᠬᠤ ᠶᠢ ᠠᠬᠢᠭᠤᠯᠵᠤ᠂ ᠤᠷᠳᠤ ᠬᠤᠭᠤᠴᠠᠭ᠎ᠠ ᠪᠠᠷ ᠴᠡᠭᠴᠡᠯᠡᠨ ᠰᠠᠶᠢᠵᠢᠷᠠᠭᠤᠯᠬᠤ ᠶᠢ ᠳᠠᠭᠠᠵᠤ᠂ ᠲᠦᠷᠦᠯ | ᠬᠤᠪᠢᠶᠠᠨ ᠠᠷᠭ᠎ᠠ ᠪᠤᠳᠤᠯᠭ᠎ᠠ ᠬᠡᠷᠡᠭᠵᠢᠭᠦᠯᠬᠦ ᠶᠢ ᠪᠠᠷᠢᠮᠲᠠᠯᠠᠵᠤ᠂ ᠪᠡᠯᠡ ᠮᠥᠩᠭᠦᠨ ᠤ ᠲᠦᠷᠦᠯ ᠤᠨ ᠠᠰᠠᠭᠤᠳᠠᠯ ᠢ | ᠴᠢᠬᠤᠯᠠᠴᠢᠯᠠᠬᠤ ᠬᠡᠷᠡᠭᠲᠡᠢ᠃ ᠬᠦᠴᠦ ᠪᠠᠨ ᠬᠠᠮᠲᠤᠳᠬᠠᠨ ᠪᠣᠭᠤᠮᠲᠠ ᠰᠢᠪᠲᠤᠯᠵᠤ ᠴᠡᠭᠴᠡᠯᠡᠨ ᠰᠠᠶᠢᠵᠢᠷᠠᠭᠤᠯᠬᠤ ᠶᠢ | ᠠᠳᠬᠤᠵᠤ᠂ ᠨᠢᠭᠡᠳᠦᠯᠲᠡᠢ ᠲᠥᠯᠥᠪᠵᠢᠭᠦᠯᠦᠨ ᠲᠤᠬᠢᠷᠠᠭᠤᠯᠬᠤ ᠪᠠᠨ ᠴᠢᠩᠭᠠᠳᠬᠠᠵᠤ᠂ ᠴᠡᠭᠴᠡᠯᠡᠨ ᠰᠠᠶᠢᠵᠢᠷᠠᠭᠤᠯᠬᠤ | ᠠᠵᠢᠯ ᠤᠨ ᠳᠤᠮᠳᠠ ᠣᠷᠣᠰᠢᠵᠤ ᠪᠠᠶᠢᠭ᠎ᠠ ᠬᠦᠴᠢᠷ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠬᠦ ᠬᠡᠷᠡᠭᠲᠡᠢ᠃ | ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠶᠢ ᠣᠨᠣᠪᠴᠢᠲᠠᠶ ᠡᠵᠡᠮᠳᠡᠵᠦ᠂ ᠴᠡᠭᠴᠡᠯᠡᠨ ᠰᠠᠶᠢᠵᠢᠷᠠᠭᠤᠯᠬᠤ | ᠠᠬᠢᠴᠠ ᠶᠢᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠳᠣᠭᠢᠷᠠᠭᠤᠯᠤᠨ᠂ ᠰᠠᠯᠠᠭ᠎ᠠ ᠮᠥᠴᠢᠷ ᠠᠯᠤᠰᠯᠠᠭᠰᠠᠨ | ᠠᠰᠠᠭᠤᠳᠠᠯ ᠢ ᠡᠯ᠎ᠡ ᠰᠠᠯᠠᠭ᠎ᠠ ᠮᠥᠴᠢᠷ᠂ ᠡᠯ᠎ᠡ ᠰᠤᠮᠤ ᠰᠢᠶᠠᠩ ᠪᠠᠯᠭᠠᠰᠤ ᠬᠠᠮᠵᠢᠯᠴᠠᠨ ᠬᠠᠮᠵᠢᠯᠴᠠᠬᠤ ᠪᠠ | ᠨᠡᠪᠲᠡᠷᠡᠯᠴᠡᠨ ᠰᠣᠯᠢᠯᠴᠠᠬᠤ ᠪᠠᠨ ᠴᠢᠩᠭᠠᠳᠬᠠᠵᠤ᠂ ᠠᠵᠢᠯ ᠤᠨ ᠨᠡᠶᠢᠯᠡᠮᠡᠯ ᠬᠦᠴᠦᠨ ᠢ ᠪᠣᠶ ᠪᠣᠯᠭᠠᠬᠤ ᠬᠡᠷᠡᠭᠲᠡᠶ᠃ | ᠤᠯᠤᠯᠴᠠᠭ᠎ᠠ ᠪᠠᠨ ᠴᠢᠩᠭᠠᠳᠬᠠᠵᠤ ᠴᠡᠭᠴᠡᠯᠡᠨ ᠰᠠᠶᠢᠵᠢᠷᠠᠭᠤᠯᠬᠤ ᠶᠢ ᠠᠳᠬᠤᠵᠤ᠂ ᠳᠡᠭᠡᠳᠦ ᠱᠠᠲᠤᠨ ᠤ ᠬᠠᠮᠢᠶ᠎ᠠ | ᠪᠦᠬᠦᠢ ᠰᠠᠯᠠᠭ᠎ᠠ ᠮᠥᠴᠢᠷ ᠯᠦᠭᠡ ᠢᠳᠡᠪᠬᠢᠲᠡᠢ ᠪᠠᠷ ᠨᠡᠪᠲᠡᠷᠡᠯᠴᠡᠵᠦ᠂ ᠵᠢᠯᠣᠭᠤᠳᠤᠨ ᠬᠠᠪᠰᠤᠷᠬᠤ ᠶᠢ ᠡᠷᠢᠯᠬᠢᠯᠡᠵᠦ᠂ | ᠱᠠᠭᠠᠷᠳᠠᠯᠭ᠎ᠠ ᠶᠣᠰᠣᠭᠠᠷ ᠴᠡᠭᠴᠡᠯᠡᠨ ᠰᠠᠶᠢᠵᠢᠷᠠᠭᠤᠯᠬᠤ ᠶᠢ ᠤᠨᠢᠨ ᠳᠡᠭᠡᠷ᠎ᠡ ᠨᠢ ᠠᠬᠢᠭᠤᠯᠵᠤ᠂ ᠳ᠋ᠤᠭᠠᠷ ᠢ ᠨᠢ ᠬᠠᠰᠤᠬᠤ | ᠪᠠᠷᠢᠮᠵᠢᠶ᠎ᠠ ᠳᠤ ᠬᠦᠷᠦᠭᠰᠡᠨ ᠪᠠᠶᠢᠪᠠᠯ᠂ ᠴᠠᠭ ᠲᠤᠨᠢ ᠲᠤᠬᠢᠷᠠᠭᠤᠯᠤᠨ ᠳᠡᠭᠡᠭᠰᠢ ᠮᠡᠳᠡᠭᠦᠯᠵᠦ ᠨᠣᠮᠧᠷ ᠢ ᠨᠢ ᠬᠠᠰᠤᠬᠤ | ᠬᠡᠷᠡᠭᠲᠡᠢ᠃ | | | | | ᠵᠣᠬᠢᠶᠠᠭᠴᠢ᠄ ᠰᠤᠷᠪᠤᠯᠵᠢᠯᠠᠭᠴᠢ᠄ ᠹᠠᠨ ᠵᠢᠶᠠ ᠸᠧᠨ | ᠴᠢᠮᠡᠭᠡᠯᠡᠭᠴᠢ᠄ ᠯᠦ ᠰᠢᠶᠤᠤ ᠲᠢᠩ | ᠤᠷᠴᠢᠭᠤᠯᠤᠭᠴᠢ᠄ ᠰᠤᠷᠤᠨ᠎ᠠ | ᠬᠢᠨᠠᠭᠴᠢ᠄ ᠡᠷᠳᠡᠨᠢᠴᠢᠮᠡᠭ | | |