4 ᠰᠠᠷ᠎ᠠ ᠶᠢᠨ 22 ᠤᠨ ᠡᠳᠦᠷ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠠᠮᠢ ᠠᠬᠤᠶ ᠶᠢᠨ ᠣᠷᠴᠢᠨ | ᠲᠣᠭᠤᠷᠢᠨ ᠤ ᠠᠰᠠᠭᠤᠳᠠᠯ ᠤᠨ ᠶᠡᠭᠡ ᠪᠠᠶᠢᠴᠠᠭᠠᠯᠲᠠ ᠶᠡᠭᠡ ᠴᠡᠭᠴᠡᠯᠡᠯᠲᠡ ᠶᠢᠨ ᠠᠵᠢᠯ ᠢ ᠠᠬᠢᠭᠤᠯᠬᠤ ᠬᠤᠷᠠᠯ ᠵᠢᠴᠢ | ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠤ ᠠᠶᠤᠯᠭᠦᠶ ᠦᠢᠯᠡᠳᠪᠦᠷᠢᠯᠡᠯ ᠤᠨ ᠪᠣᠯᠪᠠᠰᠤᠷᠠᠯ ᠤᠨ ᠬᠤᠷᠠᠯ | ᠬᠤᠷᠠᠯᠳᠤᠭᠤᠯᠪᠠ᠃ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠼᠦᠢ ᠯᠢ ᠹᠠᠩ ᠬᠤᠷᠠᠯ ᠳᠤ | ᠣᠷᠣᠯᠴᠠᠭᠰᠠᠨ ᠪᠥᠭᠡᠳ ᠰᠤᠷᠤᠯᠭ᠎ᠠ ᠡᠬᠢᠯᠡᠬᠦ ᠶᠠᠷᠢᠶ᠎ᠠ ᠲᠠᠯᠪᠢᠪᠠ᠃ | ᠼᠦᠢ ᠯᠢ ᠹᠠᠩ ᠶᠠᠷᠢᠶᠠᠨ ᠳᠠᠭᠠᠨ ᠪᠣᠯᠪᠠᠰᠤᠷᠠᠯ ᠤᠨ ᠵᠣᠷᠢᠯᠭ᠎ᠠ ᠵᠢᠴᠢ ᠰᠤᠷᠤᠯᠴᠠᠬᠤ ᠬᠠᠷᠠᠯᠲᠠ ᠶᠢ | ᠴᠢᠬᠤᠯᠠᠴᠢᠯᠠᠭᠰᠠᠨ ᠪᠥᠭᠡᠳ ᠬᠤᠯᠪᠣᠭᠳᠠᠯ ᠪᠦᠬᠦᠢ ᠨᠢᠭᠡᠴᠡ᠂ ᠰᠠᠯᠠᠭ᠎ᠠ ᠮᠥᠴᠢᠷ ᠲᠤ ᠱᠠᠭᠠᠷᠳᠠᠯᠭ᠎ᠠ ᠳᠤᠷᠠᠳᠴᠠᠢ᠃ | ᠲᠣᠰ ᠤᠳᠠᠭᠠᠨ ᠤ ᠪᠣᠯᠪᠠᠰᠤᠷᠠᠭᠤᠯᠤᠯ ᠨᠢ ᠨᠢᠭᠡ ᠡᠳᠦᠷ ᠤᠨ ᠬᠤᠭᠤᠴᠠᠭ᠎ᠠ ᠲᠠᠢ ᠶᠠᠪᠤᠭᠳᠠᠵᠤ᠂ ᠨᠡᠶᠢᠲᠡ 100 | ᠭᠠᠷᠤᠶ ᠬᠠᠮᠢᠶ᠎ᠠ ᠪᠥᠬᠦᠶ ᠨᠢᠭᠡᠴᠡ ᠵᠢᠴᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠣᠷᠣᠯᠴᠠᠵᠠᠶ᠃ ᠪᠣᠯᠪᠠᠰᠤᠷᠠᠯ ᠤᠨ | ᠬᠤᠷᠠᠯ ᠠᠴᠠ ᠬᠤᠯᠪᠣᠭᠳᠠᠯ ᠪᠦᠬᠦᠢ ᠬᠦᠷᠢᠶᠡᠨ ᠤ ᠲᠤᠰᠬᠠᠢ ᠮᠡᠷᠭᠡᠵᠢᠯᠲᠡᠨ ᠢ ᠤᠷᠢᠵᠤ ᠲᠤᠬᠠᠢ ᠶᠢᠨ ᠭᠠᠵᠠᠷ ᠲᠤᠨᠢ | ᠬᠢᠴᠢᠶᠡᠯᠯᠡᠭᠦᠯᠬᠦ ᠶᠢᠨ ᠬᠠᠮᠲᠤ ᠨᠡᠶᠢᠲᠡᠯᠢᠭ ᠠᠳᠡᠯ ᠤᠨ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ ᠭᠦᠨᠵᠡᠭᠡᠢ | ᠵᠠᠳᠠᠯᠤᠯᠲᠠ ᠬᠢᠵᠡᠢ᠃ | ᠲᠣᠰ ᠤᠳᠠᠭᠠᠨ ᠤ ᠪᠣᠯᠪᠠᠰᠤᠷᠠᠯ ᠨᠢ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠨᠢᠭᠡᠳᠬᠡᠵᠦ᠂ ᠡᠭᠦᠷᠭᠡ ᠪᠠᠨ | ᠲᠣᠳᠣᠷᠬᠠᠶᠢᠯᠠᠨ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠮᠢ ᠠᠬᠤᠶ ᠣᠷᠴᠢᠨ ᠲᠣᠭᠤᠷᠢᠨ ᠤ | ᠠᠰᠠᠭᠤᠳᠠᠯ ᠤᠨ ᠶᠡᠭᠡ ᠵᠢᠭᠰᠠᠭᠠᠨ ᠪᠠᠶᠢᠴᠠᠭᠠᠯᠲᠠ ᠶᠡᠭᠡ ᠴᠡᠭᠴᠡᠯᠡᠨ ᠵᠠᠰᠠᠯᠲᠠ ᠶᠢᠨ ᠠᠵᠢᠯ ᠢ ᠭᠦᠨᠵᠡᠭᠡᠶ ᠠᠬᠢᠭᠤᠯᠬᠤ | ᠪᠠ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠤ ᠠᠶᠤᠯᠭᠦᠶ ᠦᠢᠯᠡᠳᠪᠦᠷᠢᠯᠡᠯ ᠤᠨ ᠬᠠᠮᠢᠶᠠᠷᠤᠯᠲᠠ ᠶᠢ | ᠴᠢᠩᠭᠠᠳᠬᠠᠬᠤ ᠳᠤ ᠬᠦᠴᠦᠲᠡᠶ ᠵᠢᠯᠣᠭᠤᠳᠣᠯᠭ᠎ᠠ ᠪᠠ ᠪᠠᠲᠤᠯᠠᠭ᠎ᠠ ᠬᠠᠩᠭᠠᠪᠠ᠃ ᠲᠠᠷᠠᠭᠠᠴᠢ ᠶᠢᠨ ᠠᠯᠬᠤᠮ ᠳᠤ᠂ | ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠠᠮᠢ ᠠᠬᠤᠶ ᠶᠢᠨ ᠣᠷᠴᠢᠨ ᠲᠣᠭᠤᠷᠢᠨ ᠤ ᠲᠣᠪᠤᠶᠢᠮ᠎ᠠ ᠠᠰᠠᠭᠤᠳᠠᠯ ᠢ | ᠶᠡᠬᠡᠪᠡᠷ ᠵᠢᠭᠰᠠᠭᠠᠨ ᠪᠠᠶᠢᠴᠠᠭᠠᠵᠤ ᠶᠡᠬᠡᠪᠡᠷ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠶᠢᠨ ᠦᠷ᠎ᠡ ᠪᠦᠲᠦᠮᠵᠢ ᠶᠢ | ᠦᠷᠭᠦᠯᠵᠢᠯᠡᠨ ᠪᠠᠬᠢᠵᠢᠭᠦᠯᠵᠦ᠂ ᠴᠡᠭᠴᠡᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠠᠮᠢ | ᠠᠬᠤᠶ ᠶᠢᠨ ᠣᠷᠴᠢᠨ ᠲᠣᠭᠤᠷᠢᠨ ᠤ ᠠᠶᠤᠯ ᠲᠦᠭᠰᠢᠭᠦᠷᠢ ᠶᠢᠨ ᠬᠡᠮ ᠰᠣᠭᠤᠭ ᠢ ᠴᠠᠭ ᠲᠤᠬᠠᠶ ᠳᠤᠨᠢ ᠠᠷᠢᠯᠭᠠᠵᠤ᠂ | ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠰᠠᠶᠢᠲᠤᠷ ᠠᠳᠬᠤᠵᠤ᠂ ᠪᠥᠬᠦ ᠬᠤᠰᠢᠭᠤᠨ ᠤ | ᠠᠮᠢ ᠠᠬᠤᠶ ᠶᠢᠨ ᠣᠷᠴᠢᠨ ᠲᠣᠭᠤᠷᠢᠨ ᠤ ᠦᠷᠭᠦᠯᠵᠢᠯᠡᠨ ᠲᠣᠭᠲᠠᠭᠤᠨ ᠢᠶᠠᠷ ᠰᠠᠶᠢᠵᠢᠷᠠᠬᠤ ᠶᠢ ᠪᠠᠲᠤᠯᠠᠨ᠎ᠠ᠃ | | | | | ᠵᠣᠬᠢᠶᠠᠭᠴᠢ᠄ ᠰᠤᠷᠪᠤᠯᠵᠢᠯᠠᠭᠴᠢ᠄ ᠵᠢᠶ ᠢᠦᠶ ᠰᠢᠤᠸᠠᠨ | ᠴᠢᠮᠡᠭᠡᠯᠡᠭᠴᠢ᠄ ᠸᠠᠩ ᡁᠢ ᠸᠧᠨ᠂ ᠰᠢᠤᠸᠠᠢ ᠰᠢᠨ ᠾᠦᠢ | ᠤᠷᠴᠢᠭᠤᠯᠤᠭᠴᠢ᠄ ᠰᠤᠷᠤᠨ᠎ᠠ | ᠬᠢᠨᠠᠭᠴᠢ᠄ ᠡᠷᠳᠡᠨᠢᠴᠢᠮᠡᠭ | | |