ᠪᠤᠩᠬᠤᠨ ᠪᠠᠯᠭᠠᠰᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠢᠷᠭᠤᠳᠤᠭᠠᠷ ᠬᠤᠷᠠᠯᠳᠤᠭᠠᠨ ᠠᠮᠵᠢᠯᠲᠠ ᠲᠠᠢ ᠬᠤᠷᠠᠯᠳᠤᠪᠠ
ᠨᠡᠶᠢᠲᠡᠯᠡᠭᠰᠡᠨ ᠴᠠᠭ᠄
2025/4/24
   4 ᠰᠠᠷ᠎ᠠ ᠶᠢᠨ 23 ᠤ ᠡᠳᠦᠷ᠂ ᠪᠤᠩᠬᠤᠨ ᠪᠠᠯᠭᠠᠰᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠢᠷᠭᠤᠳᠤᠭᠠᠷ ᠬᠤᠷᠠᠯᠳᠤᠭᠠᠨ ᠦᠪᠡᠳᠡᠭᠰᠢ ᠶᠡᠭᠡ ᠪᠠᠷ ᠬᠤᠷᠠᠯᠳᠤᠪᠠ᠃ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠤᠨ ᠤ ᠳᠠᠷᠤᠭ᠎ᠠ ᠬᠤᠷᠠᠯ ᠡᠷᠭᠢᠯᠡᠵᠦ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠸᠠᠩ ᠵᠢᠶᠠᠩ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠰᠦᠪ ᠤᠨ ᠠᠵᠢᠯ ᠤᠨ ᠵᠥᠪᠯᠡᠯ ᠤᠨ ᠡᠷᠬᠢᠯᠡᠭᠴᠢ ᠬᠤᠷᠠᠯ ᠳᠤ ᠣᠷᠣᠯᠴᠠᠵᠤ ᠵᠢᠭᠠᠨ ᠵᠢᠯᠣᠭᠤᠳᠪᠠ᠃ ᠪᠦᠬᠦ ᠪᠠᠯᠭᠠᠰᠤᠨ ᠤ ᠡᠯ᠎ᠡ ᠹᠷᠣᠨᠲ ᠠᠴᠠ ᠢᠷᠡᠭᠰᠡᠨ 51 ᠠᠷᠠᠳ ᠤᠨ ᠲᠥᠯᠥᠭᠡᠯᠡᠭᠴᠢ ᠠᠷᠠᠳ ᠲᠦᠮᠡᠨ ᠤ ᠬᠦᠨᠳᠦ ᠨᠠᠶᠢᠳᠠᠯᠭ᠎ᠠ ᠶᠢ ᠡᠭᠦᠷᠭᠡᠯᠡᠵᠦ᠂ ᠨᠢᠭᠡ ᠲᠠᠩᠬᠢᠮ ᠳᠤ ᠴᠤᠭᠯᠠᠷᠠᠵᠤ᠂ ᠦᠨᠳᠦᠰᠦᠨ ᠬᠠᠤᠯᠢ ᠪᠣᠯᠤᠨ ᠬᠠᠤᠯᠢ ᠴᠠᠭᠠᠵᠠ ᠠᠴᠠ ᠣᠯᠭᠤᠭᠰᠠᠨ ᠠᠷᠢᠭᠤᠨ ᠲᠠᠷᠬᠠᠨ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠬᠥᠭᠵᠢᠯᠲᠡ ᠶᠢᠨ ᠶᠡᠭᠡ ᠪᠤᠳᠤᠯᠭ᠎ᠠ ᠶᠢ ᠬᠠᠮᠲᠤᠪᠠᠷ ᠵᠥᠪᠯᠡᠵᠦ᠂ ᠪᠤᠩᠬᠤᠨ ᠪᠠᠯᠭᠠᠰᠤᠨ ᠤ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠢᠷᠤᠭ ᠲᠥᠯᠥᠪᠯᠡᠭᠡ ᠶᠢ ᠬᠠᠮᠲᠤᠪᠠᠷ ᠵᠢᠷᠤᠭᠯᠠᠪᠠ᠃
   ᠶᠡᠭᠡ ᠬᠤᠷᠠᠯ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ ᠠᠶᠠᠰ ᠳᠤᠮᠳᠠ ᠡᠬᠢᠯᠡᠵᠦ᠂ ᠬᠤᠷᠠᠯ ᠳᠤ ᠣᠷᠣᠯᠴᠠᠭᠰᠠᠨ ᠲᠥᠯᠥᠭᠡᠯᠡᠭᠴᠢᠳ ᠪᠤᠩᠬᠤᠨ ᠪᠠᠯᠭᠠᠰᠤᠨ ᠤ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾᠂ ︽ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠠᠵᠢᠯ ᠤᠨ ᠢᠯᠡᠳᠬᠡᠯ︾ ᠪᠣᠯᠤᠨ ︽2024 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠪᠡᠶᠡᠯᠡᠭᠦᠯᠦᠭᠰᠡᠨ ᠪᠠᠶᠢᠳᠠᠯ ᠵᠢᠴᠢ 2025 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠵᠢᠱᠢᠭᠳᠡᠭᠴᠢ ᠶᠢᠨ ᠲᠦᠷᠦᠯ ᠵᠦᠢᠯ ᠤᠨ ᠪᠦᠷᠢᠯᠳᠦᠭᠰᠡᠨ ᠪᠠᠶᠢᠳᠠᠯ ᠤᠨ ᠮᠡᠳᠡᠭᠦᠯᠦᠯᠲᠡ︾ ᠶᠢ ᠨᠠᠷᠢᠨ ᠬᠢᠨᠠᠮᠠᠭᠠᠢ ᠰᠣᠨᠣᠰᠴᠤ ᠬᠢᠨᠠᠨ ᠵᠥᠪᠯᠡᠪᠡ︔ ︽2024 ᠣᠨ ᠤ ᠡᠳ᠋ ᠤᠨ ᠵᠠᠰᠠᠭ ᠤᠨ ᠲᠥᠰᠦᠪ ᠢ ᠭᠦᠢᠴᠡᠳᠬᠡᠭᠰᠡᠨ ᠪᠠᠶᠢᠳᠠᠯ ᠪᠣᠯᠤᠨ 2025 ᠣᠨ ᠤ ᠡᠳ᠋ ᠤᠨ ᠵᠠᠰᠠᠭ ᠤᠨ ᠲᠥᠰᠦᠪ ︵ᠲᠥᠰᠦᠯ︶ ᠤᠨ ᠮᠡᠳᠡᠭᠦᠯᠦᠯᠲᠡ︾ ᠶᠢ ᠬᠢᠨᠠᠨ ᠵᠥᠪᠯᠡᠪᠡ︔ ᠪᠢᠯᠧᠲ ᠥᠭᠬᠦ ᠪᠠᠷ ᠲᠣᠭᠲᠠᠪᠠ᠃
   ᠲᠣᠰ ᠤᠳᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠷᠠᠯᠳᠤᠭᠰᠠᠨ ᠨᠢ ᠪᠤᠩᠬᠤᠨ ᠪᠠᠯᠭᠠᠰᠤᠨ ᠤ ᠰᠢᠨ᠎ᠡ ᠨᠢᠭᠡ ᠵᠢᠯ ᠤᠨ ᠬᠥᠭᠵᠢᠯᠲᠡ ᠳᠤ ᠴᠢᠭᠯᠡᠯ ᠢ ᠲᠣᠳᠣᠷᠬᠠᠶᠢᠯᠠᠵᠤ᠂ ᠬᠠᠮᠲᠤ ᠶᠢᠨ ᠲᠠᠨᠢᠯᠲᠠ ᠶᠢ ᠨᠢᠭᠲᠠᠷᠠᠭᠤᠯᠤᠨ᠂ ᠬᠥᠳᠡᠯᠭᠡᠬᠦ ᠬᠦᠴᠦᠨ ᠢ ᠬᠥᠭᠵᠢᠭᠡᠭᠰᠡᠨ ᠪᠠᠶᠢᠨ᠎ᠠ᠃ ᠪᠦᠬᠦ ᠪᠠᠯᠭᠠᠰᠤᠨ ᠤ ᠠᠷᠠᠳ ᠲᠦᠮᠡᠨ ᠤ ᠬᠠᠮᠲᠤ ᠶᠢᠨ ᠴᠢᠷᠮᠠᠶᠢᠯᠭ᠎ᠠ ᠪᠠᠷ᠂ ᠪᠤᠩᠬᠤᠨ ᠪᠠᠯᠭᠠᠰᠤ ᠰᠢᠨ᠎ᠡ ᠠᠶᠠᠨ ᠳᠠᠭᠠᠨ ᠨᠡᠩ ᠭᠡᠷᠡᠯ ᠰᠠᠴᠤᠷᠠᠩᠭᠤᠢ ᠬᠠᠭᠤᠳᠠᠰᠤ ᠶᠢ ᠪᠢᠴᠢᠭᠯᠡᠬᠦ ᠨᠢ ᠯᠠᠪᠲᠠᠢ ᠶᠤᠮ᠃                                            ᠤᠷᠴᠢᠭᠤᠯᠤᠭᠴᠢ᠄ ᠰᠤᠷᠤᠨ᠎ᠠ                                          ᠬᠢᠨᠠᠭᠴᠢ᠄ ᠡᠷᠳᠡᠨᠢᠴᠢᠮᠡᠭ
 
ᠢᠷᠡᠯᠲᠡ᠄ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠪᠤᠩᠬᠤᠨ ᠪᠠᠯᠭᠠᠰᠤ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号