ᠼᠦᠢ ᠶᠦᠩ ᠪᠠᠶᠠᠨᠴᠠᠭᠠᠨ ᠪᠠᠯᠭᠠᠰᠤᠨ ᠤ ᠭᠤᠤᠯᠳᠠᠯᠭ᠎ᠠ ᠲᠠᠢ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2025/4/24
   4 ᠰᠠᠷ᠎ᠠ ᠶᠢᠨ 23 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠼᠦᠢ ᠶᠦᠩ ᠪᠠᠶᠠᠨᠴᠠᠭᠠᠨ ᠪᠠᠯᠭᠠᠰᠤᠨ ᠳᠤ ᠭᠤᠤᠯᠳᠠᠯᠭ᠎ᠠ ᠲᠠᠢ ᠠᠵᠢᠯ ᠥᠷᠨᠢᠭᠦᠯᠦᠭᠰᠡᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ᠃    ᠼᠦᠢ ᠶᠦᠩ ᠨᠠᠷ ᠡᠩ ᠲᠡᠷᠢᠭᠦᠨ ᠳᠤ ᠪᠠᠶᠠᠨ ᠵᠠᠮ ᠤᠨ ᠳᠦᠷᠰᠦ ᠪᠠᠶᠢᠳᠠᠯ ᠢ ᠴᠡᠭᠴᠡᠯᠡᠨ ᠵᠠᠰᠠᠬᠤ ᠠᠵᠢᠯ ᠢ ᠪᠠᠶᠢᠴᠠᠭᠠᠨ ᠦᠵᠡᠵᠦ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠰᠠᠭᠤᠷᠢ ᠲᠥᠬᠦᠭᠡᠷᠦᠮᠵᠢ ᠶᠢᠨ ᠬᠠᠮᠠᠭᠠᠯᠠᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠣᠯᠠᠨ ᠲᠦᠮᠡᠨ ᠤ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠪᠠ ᠳᠤᠲᠠᠭᠤᠳᠠᠯ ᠬᠦᠷᠦᠯᠴᠡᠬᠦ ᠥᠬᠡᠶ ᠲᠠᠯ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠰᠠᠭᠤᠭᠠᠯᠢ ᠠᠷᠠᠳ ᠤᠨ ᠪᠣᠯᠪᠠᠰᠤᠨ ᠤ ᠤᠬᠠᠮᠰᠠᠷ ᠪᠠ ᠬᠤᠲᠠ ᠪᠠᠯᠭᠠᠰᠤᠨ ᠤ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠵᠦ᠂ ᠴᠡᠪᠡᠷ ᠲᠡᠭᠰᠢ ᠡᠮᠬᠢ ᠵᠢᠷᠤᠮ ᠲᠠᠢ ᠣᠷᠣᠰᠢᠨ ᠰᠠᠭᠤᠬᠤ ᠣᠷᠴᠢᠨ ᠲᠣᠭᠤᠷᠢᠨ ᠢ ᠪᠣᠶ ᠪᠣᠯᠭᠠᠬᠤ ᠬᠡᠷᠡᠭᠲᠡᠶ ᠭᠡᠵᠦ ᠴᠢᠬᠤᠯᠠᠴᠢᠯᠠᠪᠠ᠃    ᠵᠢᠶᠠᠨ ᠱᠧ ᠲᠣᠰᠬᠤᠨ ᠤ ᠵᠥᠪᠯᠡᠯ ᠳᠤ᠂ ᠼᠦᠢ ᠶᠦᠩ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ ᠠᠵᠢᠯ ᠢ ᠭᠤᠣᠯᠳᠠᠯᠭ᠎ᠠ ᠲᠠᠢ ᠪᠠᠶᠢᠴᠠᠭᠠᠨ ᠰᠤᠳᠤᠯᠵᠤ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠰᠦᠯᠢᠶᠣᠣ ᠪᠦᠷᠬᠦᠪᠴᠢ ᠶᠢ ᠴᠡᠪᠡᠷᠯᠡᠨ ᠬᠤᠷᠢᠶᠠᠬᠤ᠂ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠵᠢᠴᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠡᠯᠡ ᠮᠥᠩᠭᠦ ᠶᠢᠨ ᠬᠡᠷᠡᠭᠯᠡᠯᠲᠡ ᠬᠠᠮᠢᠶᠠᠷᠤᠯᠲᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠠᠢ᠃ ᠲᠡᠷᠡ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠴᠢᠩᠭᠠᠳᠬᠠᠵᠤ᠂ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠶ ᠬᠢᠨᠠᠨ ᠬᠡᠮᠵᠢᠬᠦ ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠵᠤ᠂ ᠪᠠᠯᠠ ᠮᠥᠩᠭᠦ ᠶᠢᠨ ᠬᠡᠷᠡᠭᠯᠡᠯᠲᠡ ᠶᠢ ᠵᠢᠷᠤᠮᠵᠢᠭᠤᠯᠵᠤ᠂ ᠠᠷᠭ᠎ᠠ ᠪᠦᠬᠦᠨ ᠢ ᠰᠦᠪᠡᠭᠴᠢᠯᠡᠨ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠬᠡᠷᠡᠭᠲᠡᠶ᠃ ᠡᠭᠦᠨ ᠤ ᠬᠠᠮᠲᠤ᠂ ᠲᠡᠷᠡ ᠪᠠᠰᠠ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ᠣᠶ ᠰᠢᠭᠤᠶ ᠡᠪᠡᠰᠦ ᠪᠡᠯᠴᠢᠭᠡᠷ ᠢ ᠡᠪᠳᠡᠵᠦ ᠬᠠᠤᠯᠢ ᠲᠣᠭᠲᠠᠭᠠᠯ ᠠᠴᠠ ᠵᠥᠷᠢᠴᠡᠭᠰᠡᠨ ᠦᠶ᠋ᠯᠡ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ᠂ ᠰᠤᠮᠤ ᠰᠢᠶᠠᠩ ᠪᠠᠯᠭᠠᠰᠤ ᠶᠢᠨ ᠡᠭᠦᠷᠭᠡ ᠲᠤᠰᠢᠶᠠᠯ ᠢᠶᠠᠨ ᠭᠦᠢᠴᠡᠳᠭᠡᠬᠦ ᠨᠠᠷᠢᠨ ᠲᠠᠩᠰᠠ ᠶᠢᠨ ᠠᠵᠢᠯ ᠵᠢᠴᠢ ᠭᠠᠴᠠᠭ᠎ᠠ ᠲᠣᠰᠬᠤᠨ ᠤ ︽ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ ᠵᠡᠷᠭᠡ ᠠᠵᠢᠯ ᠢ ᠨᠠᠷᠢᠨ ᠣᠶᠢᠯᠠᠭᠠᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠳᠡᠭᠡᠳᠦ ᠱᠠᠲᠤᠨ ᠤ ᠡᠯ᠎ᠡ ᠵᠦᠢᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠪᠣᠳᠠᠲᠠᠶ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃ ᠲᠡᠷᠡ᠂ ᠨᠠᠮ ᠪᠠ ᠤᠯᠠᠨ ᠲᠦᠮᠡᠨ ᠤ ᠦᠢᠯᠡᠴᠢᠯᠡᠭᠡᠨ ᠤ ᠲᠥᠪ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠤᠯᠠᠨ ᠲᠦᠮᠡᠨ ᠳᠤ ᠦᠢᠯᠡᠴᠢᠯᠡᠬᠦ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠢ︔ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠦᠨᠳᠦᠰᠦᠨ ᠱᠠᠲᠤᠨ ᠤ ᠰᠠᠭᠤᠷᠢ ᠶᠢ ᠪᠠᠬᠢᠵᠢᠭᠦᠯᠬᠦ ᠬᠡᠷᠡᠭᠲᠡᠶ︔ ᠳᠡᠭᠡᠳᠦ ᠱᠠᠲᠤᠨ ᠤ ᠲᠣᠭᠤᠷᠢᠨ ᠪᠠᠶᠢᠴᠠᠭᠠᠬᠤ ᠪᠠ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠢᠩᠭ᠎ᠠ ᠠᠩᠬᠠᠷᠴᠤ᠂ ᠡᠷᠴᠢᠮ ᠪᠠ ᠠᠷᠭ᠎ᠠ ᠬᠡᠮᠵᠢᠶ᠎ᠡ ᠪᠠᠨ ᠴᠢᠩᠭᠠᠷᠠᠭᠤᠯᠵᠤ᠂ ᠴᠡᠭᠴᠡᠯᠡᠨ ᠰᠠᠶᠢᠵᠢᠷᠠᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ︔ ᠦᠨᠳᠦᠰᠦᠨ ᠱᠠᠲᠤᠨ ᠤ ᠭᠤᠣᠯ ᠬᠠᠷᠢᠭᠤᠴᠠᠯᠭ᠎ᠠ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠡᠯ᠎ᠡ ᠵᠦᠢᠯ ᠤᠨ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃    ᠼᠦᠢ ᠶᠦᠩ ᠪᠠᠰᠠ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠬᠤ ᠰᠤᠷᠤᠯᠴᠠᠯᠭ᠎ᠠ ᠬᠥᠮᠦᠵᠢᠯ ᠤᠨ ᠲᠤᠬᠠᠶ ᠱᠠᠭᠠᠷᠳᠠᠯᠭ᠎ᠠ ᠳᠤᠷᠠᠳᠤᠭᠰᠠᠨ ᠪᠥᠭᠡᠳ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠤᠨ ᠲᠤᠬᠠᠶ ᠰᠠᠨᠠᠯ ᠰᠠᠨᠠᠭᠤᠯᠭ᠎ᠠ ᠶᠢ ᠬᠤᠷᠢᠶᠠᠪᠠ᠃                                          ᠵᠣᠬᠢᠶᠠᠭᠴᠢ᠄ ᠯᠦ ᠰᠢᠶᠤᠤ ᠲᠢᠩ                                          ᠤᠷᠴᠢᠭᠤᠯᠤᠭᠴᠢ᠄ ᠰᠤᠷᠤᠨ᠎ᠠ                                          ᠬᠢᠨᠠᠭᠴᠢ᠄ ᠡᠷᠳᠡᠨᠢᠴᠢᠮᠡᠭ
 
ᠢᠷᠡᠯᠲᠡ᠄ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号