ᠲᠡᠮᠦᠷᠲᠡᠢ ᠪᠠᠯᠭᠠᠰᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠢᠷᠭᠤᠳᠤᠭᠠᠷ ᠬᠤᠷᠠᠯ ᠢ ᠠᠮᠵᠢᠯᠲᠠ ᠲᠠᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/4/28
   2025 ᠣᠨ ᠤ 4 ᠰᠠᠷ᠎ᠠ ᠶᠢᠨ 27 ᠤ ᠡᠳᠦᠷ᠂ ᠲᠡᠮᠦᠷᠲᠡᠢ ᠪᠠᠯᠭᠠᠰᠤᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠢᠷᠭᠤᠳᠤᠭᠠᠷ ᠬᠤᠷᠠᠯ ᠠᠮᠵᠢᠯᠲᠠ ᠲᠠᠢ ᠬᠤᠷᠠᠯᠳᠤᠪᠠ᠃ ᠪᠥᠬᠦ ᠪᠠᠯᠭᠠᠰᠤᠨ ᠤ ᠡᠯ᠎ᠡ ᠠᠵᠢᠯ ᠲᠥᠷᠥᠯ ᠠᠴᠠ ᠢᠷᠡᠭᠰᠡᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠥᠬᠦ ᠪᠠᠯᠭᠠᠰᠤᠨ ᠤ ᠠᠷᠠᠳ ᠲᠦᠮᠡᠨ ᠤ ᠬᠦᠨᠳᠦ ᠨᠠᠶᠢᠳᠠᠯᠭ᠎ᠠ ᠶᠢ ᠡᠭᠦᠷᠭᠡᠯᠡᠵᠦ᠂ ᠨᠤᠲᠤᠭ ᠤᠰᠤᠨ ᠤ ᠪᠠᠨ ᠬᠥᠭᠵᠢᠯᠲᠡ ᠳᠤ ᠬᠠᠯᠠᠭᠤᠨ ᠰᠡᠳᠬᠢᠯᠭᠡ ᠪᠠ ᠬᠠᠷᠢᠭᠤᠴᠠᠯᠭ᠎ᠠ ᠳᠦᠭᠦᠷᠡᠩ ᠪᠠᠶᠢᠵᠤ ᠲᠣᠰ ᠤᠳᠠᠭᠠᠨ ᠤ ᠬᠤᠷᠠᠯ ᠳᠤ ᠣᠷᠣᠯᠴᠠᠵᠠᠶ᠃
   ᠶᠡᠭᠡ ᠬᠤᠷᠠᠯ ᠢ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠡᠷᠭᠢᠯᠡᠵᠦ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠴᠢᠨ ᠳ᠋ᠦᠩ ᠼᠠᠢ ᠨᠠᠷ ᠬᠤᠷᠠᠯ ᠳᠤ ᠣᠷᠣᠯᠴᠠᠨ ᠵᠢᠭᠠᠨ ᠵᠢᠯᠣᠭᠤᠳᠪᠠ᠃
   ᠶᠡᠭᠡ ᠬᠤᠷᠠᠯ ᠠᠴᠠ ᠲᠡᠮᠤᠷᠳᠠᠢ ᠪᠠᠯᠭᠠᠰᠤᠨ ᠤ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠪᠣᠯᠤᠨ ︽ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠮᠡᠳᠡᠭᠦᠯᠦᠯᠲᠡ︾ ᠶᠢ ᠰᠣᠨᠣᠰᠴᠤ ᠬᠢᠨᠠᠨ ᠵᠥᠪᠯᠡᠵᠦ ᠪᠠᠲᠤᠯᠠᠨ᠂ ︽ᠲᠡᠮᠤᠷᠳᠠᠢ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠤ 2024 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠪᠡᠶᠡᠯᠡᠭᠦᠯᠦᠭᠰᠡᠨ ᠪᠠᠶᠢᠳᠠᠯ ᠵᠢᠴᠢ 2025 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠵᠢᠱᠢᠭᠳᠡᠭᠴᠢ ᠶᠢᠨ ᠲᠦᠷᠦᠯ ᠵᠦᠢᠯ ᠤᠨ ᠪᠠᠶᠢᠳᠠᠯ ᠤᠨ ᠲᠤᠬᠠᠢ ᠮᠡᠳᠡᠭᠦᠯᠦᠯᠲᠡ︾ ᠶᠢ ᠰᠣᠨᠣᠰᠴᠤ ᠬᠢᠨᠠᠨ ᠵᠥᠪᠯᠡᠵᠦ᠂ 2025 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ 2 ᠢ ᠪᠤᠢ ᠪᠣᠯᠭᠠᠪᠠ᠃
   ᠬᠤᠷᠠᠯ ᠠᠴᠠ 2025 ᠣᠨ ᠤ ᠮᠠᠨ ᠤ ᠪᠠᠯᠭᠠᠰᠤᠨ ᠤ ᠭᠤᠣᠯ ᠡᠭᠦᠷᠭᠡ ᠪᠣᠯᠣᠨ ᠭᠤᠣᠯ ᠬᠠᠷᠠᠯᠲᠠ ᠶᠢ ᠲᠣᠭᠲᠠᠭᠠᠵᠤ᠂ ᠨᠢᠭᠡ ᠤᠳᠠᠭᠠᠨ ᠤ ᠠᠷᠠᠳᠴᠢᠯᠠᠯ ᠪᠦᠯᠬᠦᠮᠳᠡᠯ ᠤᠨ ᠶᠡᠭᠡ ᠬᠤᠷᠠᠯ ᠪᠣᠯᠵᠤ᠂ ᠬᠥᠮᠥᠰ ᠤᠨ ᠵᠣᠷᠢᠭ ᠢ ᠬᠥᠪᠴᠢᠯᠡᠭᠰᠡᠨ ᠶᠡᠭᠡ ᠬᠤᠷᠠᠯ ᠪᠣᠯᠣᠨ᠎ᠠ᠃    ᠬᠤᠷᠠᠯ ᠠᠴᠠ ᠥᠩᠭᠡᠷᠡᠭᠰᠡᠨ ᠨᠢᠭᠡ ᠵᠢᠯ ᠤᠨ ᠪᠠᠯᠭᠠᠰᠤᠨ ᠤ ᠵᠠᠰᠠᠭ ᠤᠨ ᠣᠷᠳᠣᠨ ᠤ ᠠᠵᠤ ᠦᠢᠯᠡᠰ ᠤᠨ ᠬᠥᠭᠵᠢᠯᠲᠡ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠨᠡᠶᠢᠭᠡᠮ ᠤᠨ ᠵᠠᠰᠠᠯᠲᠠ᠂ ᠠᠷᠠᠳ ᠤᠨ ᠠᠮᠢᠳᠤᠷᠠᠯ ᠤᠨ ᠪᠠᠲᠤᠯᠠᠭ᠎ᠠ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠵᠡᠷᠭᠡ ᠲᠠᠯ᠎ᠠ ᠪᠠᠷ ᠣᠯᠤᠭᠰᠠᠨ ᠠᠮᠵᠢᠯᠲᠠ ᠶᠢ ᠳ᠋ᠦᠩᠨᠡᠭᠰᠡᠨ ᠪᠥᠭᠡᠳ ᠢᠷᠡᠭᠡᠳᠦᠢ ᠶᠢᠨ ᠨᠢᠭᠡ ᠵᠢᠯ ᠤᠨ ᠠᠵᠢᠯ ᠳᠤ ᠲᠣᠳᠣᠷᠬᠠᠢ ᠬᠠᠷᠠᠯᠲᠠ ᠪᠠ ᠡᠭᠦᠷᠭᠡ ᠶᠢ ᠳᠤᠷᠠᠳᠴᠠᠢ᠃ ᠲᠥᠯᠥᠭᠡᠯᠡᠭᠴᠢᠳ ᠲᠡᠮᠦᠷᠲᠡᠢ ᠪᠠᠯᠭᠠᠰᠤᠨ ᠤ ᠬᠥᠭᠵᠢᠯᠲᠡ ᠶᠢᠨ ᠭᠤᠣᠯᠳᠠᠯᠭ᠎ᠠ ᠲᠠᠢ ᠠᠰᠠᠭᠤᠳᠠᠯ ᠤᠨ ᠲᠤᠬᠠᠢ ᠬᠠᠯᠠᠭᠤᠨ ᠢᠶᠠᠷ ᠶᠠᠷᠢᠯᠴᠠᠪᠠ᠃    ᠬᠤᠷᠠᠯ ᠠᠴᠠ᠂ 2025 ᠤᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠠᠷᠠᠯᠲᠠ ᠲᠡᠭᠦᠰᠬᠦ ᠵᠢᠯ ᠪᠣᠯᠤᠨ᠎ᠠ᠃ ᠪᠦᠬᠦ ᠪᠠᠯᠭᠠᠰᠤ ᠪᠠᠷ ᠢᠶᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠥᠪᠡᠷᠲᠡᠭᠡᠨ ᠵᠠᠰᠠᠬᠤ ᠣᠷᠣᠨ᠂ ᠬᠤᠳᠠ᠂ ᠬᠤᠰᠢᠭᠤᠨ ᠤ ᠪᠦᠬᠦ ᠭᠡᠰᠢᠭᠦᠳ ᠤᠨ ᠬᠤᠷᠠᠯ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠲᠠᠪᠤᠨ ᠶᠡᠭᠡ ᠡᠭᠦᠷᠭᠡ︾ ᠳᠤ ᠠᠩᠬᠠᠷᠤᠯ ᠢᠶᠠᠨ ᠲᠥᠪᠯᠡᠷᠡᠭᠦᠯᠵᠦ᠂ ︽ᠵᠢᠷᠭᠤᠭᠠᠨ ᠢᠨᠵᠧᠨᠧᠷᠢᠩ︾᠂ ︽ᠵᠢᠷᠭᠤᠭᠠᠨ ᠠᠵᠢᠯᠯᠠᠭ᠎ᠠ︾ ᠶᠢᠨ ᠪᠠᠶᠢᠷᠢᠯᠠᠭᠤᠯᠤᠯᠲᠠ ᠪᠣᠯᠤᠨ ᠠᠵᠤ ᠠᠬᠤᠢ᠂ ᠨᠡᠶᠢᠭᠡᠮ᠂ ᠠᠮᠢ ᠠᠬᠤᠢ ᠵᠡᠷᠭᠡ ᠭᠤᠣᠯ ᠡᠭᠦᠷᠭᠡ ᠶᠢᠨ ᠲᠣᠭᠤᠷᠢᠨ ᠳᠤ᠂ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠬᠦ ᠶᠢ ᠲᠦᠷᠭᠡᠳᠬᠡᠨ ᠲᠦᠷᠭᠡᠳᠬᠡᠵᠦ᠂ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠪᠣᠬᠢᠷᠲᠤᠯ ᠦᠭᠡᠢ᠂ ᠡᠷᠴᠢᠮᠵᠢᠭᠰᠡᠨ᠂ ᠰᠢᠨᠵᠢᠯᠡᠬᠦ ᠤᠬᠠᠭᠠᠨᠴᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠬᠥᠭᠵᠢᠯᠲᠡ ᠶᠢᠨ ᠶᠠᠰᠤ ᠴᠢᠨᠠᠷ ᠢ ᠦᠷᠭᠦᠯᠵᠢᠯᠡᠨ ᠳᠡᠭᠡᠭᠰᠢᠯᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠳᠤ ᠨᠤᠲᠤᠭ ᠪᠡᠯᠴᠢᠭᠡᠷ ᠤᠨ ᠬᠦᠴᠦᠨ ᠴᠢᠳᠠᠯ ᠢᠶᠠᠨ ᠡᠷᠭᠦᠨ᠎ᠡ᠃     ᠬᠤᠷᠠᠯ ᠠᠴᠠ᠂ 2025 ᠣᠨ ᠳᠤ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠪᠠ ᠪᠠᠯᠭᠠᠰᠤᠨ ᠤ ᠨᠠᠮ ᠤᠨ ᠬᠤᠷᠢᠶ᠎ᠠ ᠶᠢᠨ ᠵᠥᠪ ᠤᠳᠤᠷᠢᠳᠤᠯᠭ᠎ᠠ ᠳᠣᠤᠷ᠎ᠠ᠂ ᠪᠥᠬᠦ ᠪᠠᠯᠭᠠᠰᠤᠨ ᠤ ᠠᠷᠠᠳ ᠲᠦᠮᠡᠨ ᠢ ᠴᠢᠩᠭ᠎ᠠ ᠲᠦᠰᠢᠭᠯᠡᠨ᠂ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ ᠰᠢᠷᠭᠠᠭᠤ ᠠᠵᠢᠯᠯᠠᠵᠤ᠂ ᠠᠷᠠᠳ ᠲᠦᠮᠡᠨ ᠢ ᠬᠥᠰᠡᠷᠳᠡᠭᠦᠯᠬᠦ ᠥᠬᠡᠶ ᠪᠠᠷ ᠴᠢᠷᠮᠠᠶᠢᠨ ᠠᠵᠢᠯᠯᠠᠵᠤ᠂ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠨ ᠲᠦᠷᠦᠭᠦᠯᠡᠨ ᠬᠢᠵᠦ᠂ ᠪᠥᠬᠦ ᠪᠠᠯᠭᠠᠰᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠪᠠᠶᠢᠳᠠᠯ ᠢ ᠪᠣᠶ ᠪᠣᠯᠭᠠᠬᠤ ᠶᠢᠨ ᠲᠥᠯᠥᠭᠡ ᠴᠢᠷᠮᠠᠶᠢᠨ ᠲᠡᠮᠡᠴᠡᠵᠡᠭᠡᠶ᠎ᠡ︕                                     ᠤᠷᠴᠢᠭᠤᠯᠤᠭᠴᠢ᠄ ᠡᠷᠳᠡᠨᠢᠴᠢᠮᠡᠭ                                     ᠬᠢᠨᠠᠭᠴᠢ᠄ ᠰᠤᠷᠤᠨ᠎ᠠ
 
ᠢᠷᠡᠯᠲᠡ᠄ ᠲᠡᠮᠦᠷᠳᠡᠢ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号