ᠬᠠᠪᠤᠷ ᠤᠨ ᠤᠷᠢᠬᠠᠨ ᠰᠠᠯᠬᠢᠨ ᠳᠤ ᠳᠤᠯᠠᠭᠠᠯᠠᠭ᠎ᠠ ᠪᠣᠯ ᠶᠠᠭ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ | ᠬᠢᠵᠠᠭᠠᠷᠯᠠᠬᠤ ᠰᠢᠵᠢᠷ ᠠᠯᠲᠠᠨ ᠦᠶ᠎ᠡ ᠮᠥᠨ᠃ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠠᠮᠤᠷ ᠲᠦᠪᠰᠢᠨ ᠪᠠ | ᠮᠠᠯᠴᠢᠨ ᠲᠠᠷᠢᠶᠠᠴᠢᠨ ᠤ ᠲᠣᠰ ᠪᠡᠶ᠎ᠡ ᠶᠢᠨ ᠠᠰᠢᠭ ᠲᠤᠰᠠ ᠶᠢ ᠦᠨᠡᠨ ᠬᠦ ᠪᠠᠲᠤᠯᠠᠬᠤ ᠶᠢᠨ ᠲᠥᠯᠥᠭᠡ᠂ ᠣᠶᠢᠷ᠎ᠠ ᠶᠢᠨ | ᠬᠤᠭᠤᠴᠠᠭᠠᠨ ᠳᠤ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠬᠠᠪᠤᠷ ᠤᠨ ᠤᠯᠠᠷᠢᠯ ᠤᠨ ᠬᠢᠵᠢᠭ ᠢ | ᠰᠡᠷᠭᠡᠶᠢᠯᠡᠬᠦ ᠵᠠᠩᠭᠢᠯᠠᠭ᠎ᠠ ᠶᠢᠨ ᠴᠡᠭ ᠢ ᠴᠢᠩᠭ᠎ᠠ ᠠᠳᠬᠤᠵᠤ᠂ ᠲᠤᠰᠬᠠᠶ ᠮᠡᠷᠭᠡᠵᠢᠯ ᠤᠨ ᠬᠦᠴᠦᠨ ᠢ ᠨᠢᠭᠡᠳᠦᠯᠲᠡᠶ | ᠲᠥᠯᠥᠪᠯᠡᠨ᠂ ᠬᠢᠵᠢᠭ ᠢ ᠰᠡᠷᠭᠡᠶᠢᠯᠡᠬᠦ ᠡᠩᠨᠡᠭᠡ ᠶᠢ ᠵᠣᠬᠢᠶᠠᠨ ᠪᠠᠶᠢᠭᠤᠯᠤᠨ ᠲᠦᠭ ᠲᠦᠮᠡᠨ ᠠᠶᠢᠯ ᠡᠷᠦᠬᠡ ᠳᠤ | ᠭᠦᠨᠵᠡᠭᠡᠶᠢᠷᠡᠭᠦᠯᠵᠦ᠂ ᠯᠠᠪᠳᠠᠭᠤᠨ ᠪᠠᠲᠤᠲᠠᠶ ᠪᠦᠲᠦᠮᠵᠢᠲᠡᠶ ᠠᠵᠢᠯᠯᠠᠭ᠎ᠠ ᠪᠠᠷ ᠮᠠᠯ ᠠᠵᠤ ᠠᠬᠤᠶ ᠶᠢᠨ ᠠᠮᠤᠷ | ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠪᠠ᠃ | | ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠪᠤᠩᠬᠤᠨ ᠪᠠᠯᠭᠠᠰᠤᠨ ᠤ ᠭᠤᠤ ᠢᠦᠢ ᠯᠢᠶᠠᠩ ᠲᠣᠰᠬᠤᠨ ᠤ | ᠠᠷᠠᠳ ᠤᠨ ᠵᠥᠪᠯᠡᠯ ᠤᠨ ᠵᠤᠤ ᠵᠢᠶᠠ ᠲᠣᠰᠬᠤᠨ ᠳᠤ᠂ ᠬᠠᠮᠠᠭᠠᠯᠠᠯᠲᠠ ᠶᠢᠨ ᠬᠤᠪᠴᠠᠰᠤ ᠡᠮᠦᠰᠦᠭᠰᠡᠨ ᠬᠢᠵᠢᠭ ᠢ | ᠰᠡᠷᠭᠡᠶᠢᠯᠡᠬᠦ ᠬᠥᠮᠦᠰ ᠶᠠᠭ ᠲᠡᠵᠢᠭᠡᠨ ᠦᠷᠡᠵᠢᠭᠦᠯᠬᠦ ᠡᠷᠦᠬᠡ ᠶᠢᠨ ᠬᠤᠨᠢᠨ ᠳᠤ ᠰᠢᠯᠦᠬᠡᠶ ᠡᠪᠡᠳᠴᠢᠨ ᠤ ᠸᠠᠺᠼᠢᠨ | ᠲᠠᠷᠢᠵᠤ ᠪᠠᠶᠢᠪᠠ᠃ ᠥᠩᠭᠡᠷᠡᠭᠰᠡᠨ ᠳᠤ ᠮᠠᠯ ᠤᠨ ᠡᠪᠡᠳᠴᠢᠨ ᠠᠴᠠ ᠬᠠᠮᠤᠭ ᠤᠨ ᠠᠶᠤᠳᠠᠭ ᠪᠣᠯᠬᠤᠷ ᠬᠢᠵᠢᠭ | ᠡᠪᠡᠳᠴᠢᠨ ᠳᠤ ᠨᠡᠷᠪᠡᠭᠳᠡᠪᠡᠯ᠂ ᠬᠤᠬᠢᠷᠠᠯ ᠨᠢ ᠴᠤ ᠶᠡᠭᠡ ᠪᠣᠯᠳᠠᠭ᠃ ᠣᠳᠣ ᠰᠠᠶᠢᠨ ᠪᠣᠯᠵᠠᠶ᠂ ᠵᠠᠰᠠᠭ ᠤᠨ | ᠣᠷᠳᠣᠨ ᠠᠴᠠ ᠬᠢᠵᠢᠭ ᠰᠡᠷᠭᠡᠶᠢᠯᠡᠬᠦ ᠬᠥᠮᠦᠰ ᠢ ᠵᠣᠬᠢᠶᠠᠨ ᠪᠠᠶᠢᠭᠤᠯᠵᠤ ᠬᠡᠷ ᠲᠤᠨᠢ ᠣᠴᠢᠭᠤᠯᠤᠨ | ᠦᠢᠯᠡᠴᠢᠯᠡᠭᠦᠯᠦᠭᠰᠡᠨ ᠨᠢ ᠰᠦᠢᠳᠬᠡᠯ ᠬᠤᠷᠢᠶᠠᠬᠤ ᠦᠭᠡᠢ ᠪᠠᠷ ᠸᠠᠺᠼᠢᠨ ᠤ ᠲᠠᠷᠢᠯᠭ᠎ᠠ ᠬᠢᠬᠦ ᠪᠠᠷ ᠪᠠᠷᠠᠬᠤ ᠦᠭᠡᠢ᠂ | ᠪᠠᠰᠠ ᠮᠠᠨ ᠤ ᠰᠢᠨᠵᠢᠯᠡᠬᠦ ᠤᠬᠠᠭᠠᠨᠴᠢ ᠪᠠᠷ ᠲᠡᠵᠢᠭᠡᠨ ᠦᠷᠡᠵᠢᠭᠦᠯᠬᠦ ᠮᠡᠳᠡᠯᠭᠡ ᠶᠢ ᠵᠢᠭᠠᠵᠤ ᠥᠭᠴᠡᠶ᠂ ᠮᠠᠨ ᠤ ᠮᠠᠯ | ᠠᠵᠤ ᠠᠬᠤᠶ ᠶᠢ ᠬᠥᠭᠵᠢᠭᠦᠯᠬᠦ ᠢᠲᠡᠭᠡᠯ ᠨᠠᠩ ᠭᠦᠢᠴᠡᠳ ᠪᠣᠯᠵᠠᠢ︾ ᠭᠡᠵᠦ ᠲᠡᠵᠢᠭᠡᠨ ᠦᠷᠡᠵᠢᠭᠦᠯᠬᠦ ᠡᠷᠦᠬᠡ ᠯᠢ ᠶᠢᠨ | ᠵᠠᠩ ᠰᠡᠳᠬᠢᠯ ᠳᠣᠭᠳᠣᠯᠤᠨ ᠬᠡᠯᠡᠪᠡ᠃ ᠸᠠᠺᠼᠢᠨ ᠤ ᠲᠠᠷᠢᠯᠭ᠎ᠠ ᠬᠢᠭᠰᠡᠨ ᠤ ᠳᠠᠷᠠᠭ᠎ᠠ᠂ ᠬᠢᠵᠢᠭ ᠢ ᠰᠡᠷᠭᠡᠶᠢᠯᠡᠬᠦ | ᠬᠥᠮᠦᠰ ᠪᠠᠰᠠ ᠬᠦᠷᠢᠶ᠎ᠡ ᠬᠠᠰᠢᠶ᠎ᠠ ᠪᠠᠨ ᠪᠥᠬᠦ ᠲᠠᠯ᠎ᠠ ᠪᠠᠷ ᠠᠷᠢᠭᠤᠳᠬᠠᠭᠰᠠᠨ ᠪᠥᠭᠡᠳ ᠲᠠᠷᠠᠭᠠᠴᠢ ᠶᠢᠨ | ᠠᠵᠢᠭᠯᠠᠯᠲᠠ ᠶᠢᠨ ᠭᠤᠤᠯᠳᠠᠯᠭ᠎ᠠ ᠶᠢ ᠨᠠᠷᠢᠨ ᠨᠢᠮᠪᠠᠶ ᠠᠵᠢᠭᠯᠠᠵᠤ᠂ ᠲᠡᠵᠢᠭᠡᠨ ᠦᠷᠡᠵᠢᠭᠦᠯᠬᠦ ᠡᠷᠦᠬᠡ ᠳᠤ ︽ᠰᠡᠳᠬᠢᠯ | ᠠᠮᠤᠷᠵᠢᠭᠤᠯᠬᠤ︾ ᠬᠡᠷᠡᠭᠲᠡᠶ ᠭᠡᠵᠦ ᠵᠠᠬᠢᠪᠠ᠃ | ᠣᠶᠢᠯᠠᠭᠠᠭᠰᠠᠨ ᠢᠶᠠᠷ᠂ ᠲᠣᠰ ᠤᠳᠠᠭᠠᠨ ᠤ ᠬᠢᠵᠢᠭ ᠰᠡᠷᠭᠡᠶᠢᠯᠡᠬᠦ ᠠᠵᠢᠯ ᠢ ᠴᠠᠬᠠᠷ ᠪᠠᠷᠠᠭᠤᠨ ᠭᠠᠷᠤᠨ ᠬᠤᠶᠢᠲᠤ | ᠬᠤᠰᠢᠭᠤᠨ ᠤ ᠲᠠᠷᠢᠶᠠᠯᠠᠩ ᠤᠨ ᠪᠡᠯᠡ ᠣᠷᠣᠭᠤᠯᠤᠯᠲᠠ ᠶᠢᠨ ᠮᠡᠳᠡᠭᠡ ᠵᠠᠩᠭᠢ ᠶᠢᠨ ᠰᠢᠨᠵᠢᠯᠡᠬᠦ ᠤᠬᠠᠭᠠᠨ | ᠮᠡᠷᠭᠡᠵᠢᠯ ᠤᠨ ᠬᠢᠵᠠᠭᠠᠷᠲᠤ ᠺᠣᠮᠫᠠᠨᠢ ᠠᠴᠠ ᠪᠦᠬᠦ ᠬᠤᠰᠢᠭᠤᠨ ᠤ 8 ᠰᠤᠮᠤ ᠰᠢᠶᠠᠩ ᠪᠠᠯᠭᠠᠰᠤ ᠶᠢᠨ 186 ᠲᠤᠰᠬᠠᠶ | ᠮᠡᠷᠭᠡᠵᠢᠯ ᠤᠨ ᠬᠢᠵᠢᠭ ᠰᠡᠷᠭᠡᠶᠢᠯᠡᠬᠦ ᠠᠵᠢᠯᠲᠠᠨ ᠢ ᠨᠢᠭᠡᠳᠦᠯᠲᠡᠶ ᠲᠥᠯᠥᠪᠯᠡᠨ ᠵᠣᠬᠢᠴᠠᠭᠤᠯᠵᠤ ᠪᠠᠶᠢᠭᠠᠳ ᠦᠨᠳᠦᠰᠦᠨ | ᠱᠠᠲᠤᠨ ᠳᠤ ᠭᠦᠨᠵᠡᠭᠡᠶᠢᠷᠡᠨ᠂ ᠡᠷᠦᠬᠡ ᠳᠠᠷᠠᠭᠠᠯᠠᠨ ᠬᠢᠵᠢᠭ ᠰᠡᠷᠭᠡᠶᠢᠯᠡᠬᠦ ᠠᠵᠢᠯ ᠢ ᠥᠷᠨᠢᠭᠦᠯᠵᠦ᠂ ᠪᠷᠦ᠋ᠼᠧᠯ | ᠡᠪᠡᠳᠴᠢᠨ᠂ ᠰᠢᠯᠦᠬᠡᠶ ᠡᠪᠡᠳᠴᠢᠨ᠂ ᠬᠡᠪᠢᠭᠴᠢ ᠮᠠᠯ ᠤᠨ ᠬᠢᠵᠢᠭ ᠵᠡᠷᠭᠡ ᠠᠮᠢᠲᠠᠨ ᠤ ᠬᠦᠨᠳᠦ ᠶᠡᠭᠡ ᠬᠢᠵᠢᠭ | ᠡᠪᠡᠳᠴᠢᠨ ᠢ ᠠᠯᠪᠠᠳᠠᠯᠭ᠎ᠠ ᠪᠠᠷ ᠦᠯᠦ ᠬᠠᠯᠳᠠᠭᠠᠬᠤ ᠶᠢ ᠬᠡᠷᠡᠭᠵᠢᠭᠦᠯᠪᠡ᠃ ᠬᠢᠵᠢᠭ ᠢ ᠰᠡᠷᠭᠡᠶᠢᠯᠡᠬᠦ ᠶᠠᠪᠤᠴᠠ ᠳᠤ | ᠲᠠᠷᠢᠯᠭ᠎ᠠ ᠬᠢᠬᠦ ᠶᠠᠪᠤᠴᠠ ᠶᠢ ᠴᠢᠩᠭ᠎ᠠ ᠵᠢᠷᠤᠮᠵᠢᠭᠤᠯᠤᠨ ᠲᠠᠷᠢᠯᠭ᠎ᠠ ᠬᠢᠬᠦ ᠶᠠᠪᠤᠴᠠ ᠶᠢ ᠴᠢᠩᠳᠠᠯᠠᠵᠤ᠂ ᠲᠡᠵᠢᠭᠡᠨ | ᠦᠷᠡᠵᠢᠭᠦᠯᠬᠦ ᠣᠷᠴᠢᠨ ᠲᠣᠭᠤᠷᠢᠨ ᠢ ᠰᠢᠨᠵᠢᠯᠡᠬᠦ ᠤᠬᠠᠭᠠᠨᠴᠢ ᠪᠠᠷ ᠠᠷᠢᠭᠤᠳᠬᠠᠬᠤ ᠶᠢ ᠵᠡᠷᠭᠡ ᠪᠠᠷ ᠥᠷᠨᠢᠭᠦᠯᠵᠦ᠂ | ᠬᠢᠵᠢᠭ ᠢ ᠰᠡᠷᠭᠡᠶᠢᠯᠡᠬᠦ ᠠᠵᠢᠯ ᠢ ᠪᠦᠬᠦᠨ ᠢ ᠪᠦᠷᠬᠦᠭᠦᠯᠵᠦ᠂ ᠥᠨᠴᠥᠭ ᠪᠤᠯᠤᠩ ᠦᠭᠡᠢ ᠠᠷᠢᠭᠤᠳᠬᠠᠬᠤ ᠶᠢ ᠦᠨᠡᠨᠬᠦ | ᠪᠠᠲᠤᠯᠠᠬᠤ ᠬᠡᠷᠡᠭᠲᠡᠶ᠃ ᠡᠭᠦᠨ ᠤ ᠬᠠᠮᠲᠤ᠂ ᠸᠠᠺᠼᠢᠨ ᠤ ᠲᠠᠷᠢᠯᠭ᠎ᠠ ᠶᠢᠨ ᠵᠢᠷᠤᠮᠵᠢᠯ᠂ ᠲᠡᠵᠢᠭᠡᠨ ᠠᠷᠠᠴᠢᠯᠠᠬᠤ | ᠬᠠᠮᠢᠶᠠᠷᠤᠯᠲᠠ ᠶᠢᠨ ᠮᠡᠷᠭᠡᠵᠢᠯ᠂ ᠬᠢᠵᠢᠭ ᠡᠪᠡᠳᠴᠢᠨ ᠢ ᠡᠷᠲᠡ ᠢᠯᠭᠠᠨ ᠲᠠᠨᠢᠬᠤ ᠵᠢᠴᠢ ᠪᠠᠴᠢᠮ ᠪᠠᠶᠢᠳᠠᠯ ᠢ ᠠᠷᠭᠠᠴᠠᠨ | ᠰᠢᠢᠳᠪᠦᠷᠢᠯᠡᠬᠦ ᠮᠡᠳᠡᠯᠭᠡ ᠶᠢ ᠲᠦᠭᠡᠮᠡᠯᠵᠢᠭᠦᠯᠬᠦ ᠪᠠᠷ ᠳᠠᠮᠵᠢᠭᠤᠯᠤᠨ᠂ ᠲᠡᠵᠢᠭᠡᠨ ᠦᠷᠡᠵᠢᠭᠦᠯᠬᠦ ᠡᠷᠦᠬᠡ ᠶᠢᠨ ᠬᠢᠵᠢᠭ ᠢ | ᠰᠡᠷᠭᠡᠶᠢᠯᠡᠬᠦ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠰᠢᠨᠵᠢᠯᠡᠬᠦ ᠤᠬᠠᠭᠠᠨᠴᠢ ᠪᠠᠷ ᠲᠡᠵᠢᠭᠡᠨ ᠦᠷᠡᠵᠢᠭᠦᠯᠬᠦ | ᠣᠶᠢᠯᠠᠭᠠᠭᠳᠠᠬᠤᠨ ᠢ ᠮᠠᠯᠵᠢᠬᠤ ᠣᠷᠣᠨ ᠳᠤ ᠦᠨᠳᠦᠰᠦᠯᠡᠭᠦᠯᠬᠦ ᠶᠢ ᠠᠬᠢᠭᠤᠯᠵᠤ᠂ ᠮᠠᠯ ᠠᠵᠤ ᠠᠬᠤᠶ ᠶᠢᠨ ᠴᠢᠨᠠᠷ | ᠰᠠᠶᠢᠲᠠᠶ ᠬᠥᠭᠵᠢᠯᠲᠡ ᠳᠤ ᠪᠠᠲᠤ ᠪᠠᠬᠢ ᠦᠨᠳᠦᠰᠦ ᠰᠠᠭᠤᠷᠢ ᠶᠢ ᠲᠠᠯᠪᠢᠪᠠ᠃ | | 4 ᠰᠠᠷ᠎ᠠ ᠶᠢᠨ 25 ᠤ ᠡᠳᠦᠷ ᠪᠣᠯᠲᠠᠯ᠎ᠠ᠂ ᠪᠥᠬᠦ ᠬᠤᠰᠢᠭᠤᠨ ᠤ ᠬᠤᠨᠢᠨ ᠤ ᠰᠢᠯᠦᠬᠡᠢ ᠡᠪᠡᠳᠴᠢᠨ ᠤ ᠲᠠᠷᠢᠯᠭ᠎ᠠ | ᠬᠢᠭᠰᠡᠨ ᠲᠤᠭ᠎ᠠ ᠨᠡᠶᠢᠲᠡ 609817 ᠬᠦᠷᠴᠦ᠂ ᠪᠡᠶᠡᠯᠡᠭᠦᠯᠦᠭᠰᠡᠨ ᠨᠣᠷᠮ᠎ᠠ ᠨᠢ 85% ᠳᠤ ᠬᠥᠷᠪᠡ︔ | ᠦᠬᠡᠷ ᠤᠨ ᠰᠢᠯᠦᠬᠡᠶ ᠡᠪᠡᠳᠴᠢᠨ ᠤ ᠲᠠᠷᠢᠯᠭ᠎ᠠ ᠬᠢᠭᠰᠡᠨ 71610 ᠪᠠᠶᠢᠵᠤ᠂ ᠠᠬᠢᠴᠠ ᠶᠢᠨ 80% ᠶᠢ | ᠪᠡᠶᠡᠯᠡᠭᠦᠯᠪᠡ︔ ᠭᠠᠭ᠋ᠠᠶ ᠶᠢᠨ ᠰᠢᠯᠦᠬᠡᠶ ᠶᠢᠨ ᠸᠠᠺᠼᠢᠨ ᠤ ᠲᠠᠷᠢᠯᠭ᠎ᠠ ᠬᠢᠭᠰᠡᠨ ᠲᠤᠭ᠎ᠠ 26834 ᠪᠣᠯᠵᠤ᠂ | ᠪᠡᠶᠡᠯᠡᠭᠦᠯᠦᠭᠰᠡᠨ ᠨᠣᠷᠮ᠎ᠠ ᠨᠢ 90% ᠬᠦᠷᠪᠡ᠃ ᠳᠤᠷᠠᠳᠤᠭᠤᠰᠢᠲᠠᠶ ᠨᠢ᠂ ᠬᠤᠨᠢᠨ ᠤ ᠴᠡᠴᠡᠭ ᠡᠪᠡᠳᠴᠢᠨ ᠤ | ᠸᠠᠺᠼᠢᠨ ᠤ ᠲᠠᠷᠢᠯᠭ᠎ᠠ ᠶᠢ ᠪᠦᠷᠢᠨ ᠪᠦᠷᠬᠦᠭᠦᠯᠬᠦ ᠶᠢ ᠪᠡᠶᠡᠯᠡᠭᠦᠯᠵᠦ᠂ 717432 ᠬᠤᠨᠢ ᠶᠢ ᠪᠦᠬᠦᠨ ᠢ ᠳᠠᠷᠢᠬᠤ ᠶᠢ | ᠪᠡᠶᠡᠯᠡᠭᠦᠯᠪᠡ︔ ᠵᠢᠭᠦᠷᠲᠡᠨ ᠤ ᠬᠠᠯᠳᠠᠪᠤᠷᠢᠲᠤ ᠲᠠᠭᠰᠢᠭᠤᠷ ᠤᠨ ᠸᠠᠺᠼᠢᠨ ᠢ ᠨᠢᠭᠡᠨᠲᠡ 198377 ᠥᠳᠦᠨ ᠳᠤ | ᠳᠠᠷᠢᠵᠤ᠂ ᠪᠡᠶᠡᠯᠡᠭᠦᠯᠦᠭᠰᠡᠨ ᠨᠣᠷᠮ᠎ᠠ ᠨᠢ 90% ᠳᠤ ᠬᠦᠷᠪᠡ᠃ ᠣᠳᠣᠬᠠᠨ ᠳᠤ᠂ ᠪᠤᠰᠤᠳ ᠲᠥᠯᠥᠪᠯᠡᠭᠡᠲᠦ | ᠸᠠᠺᠼᠢᠨ ᠤ ᠲᠠᠷᠢᠯᠭ᠎ᠠ ᠬᠢᠬᠦ ᠠᠵᠢᠯ ᠰᠢᠪᠲᠤᠷᠭᠠᠨ ᠳᠠᠭᠠᠨ ᠣᠶᠢᠷᠠᠲᠤᠵᠤ᠂ ᠬᠢᠵᠢᠭ ᠢ ᠰᠡᠷᠭᠡᠶᠢᠯᠡᠬᠦ ᠬᠥᠮᠦᠰ ᠶᠠᠭ | ᠡᠷᠦᠬᠡ ᠳᠠᠷᠠᠭᠠᠯᠠᠨ ᠠᠯᠳᠠᠭᠳᠠᠯ ᠢ ᠪᠠᠶᠢᠴᠠᠭᠠᠵᠤ ᠳᠤᠲᠠᠭᠤ ᠶᠢ ᠨᠥᠬᠦᠪᠥᠷᠢᠯᠡᠬᠦ ᠠᠵᠢᠯ ᠥᠷᠨᠢᠭᠦᠯᠵᠦ᠂ ᠵᠢᠱᠢᠯᠲᠡ ᠪᠠᠷ | ᠬᠠᠪᠤᠷ ᠤᠨ ᠰᠡᠷᠭᠡᠶᠢᠯᠡᠯᠲᠡ ᠶᠢᠨ ᠠᠵᠢᠯ 5 ᠰᠠᠷ᠎ᠠ ᠶᠢᠨ 20 ᠤ ᠡᠳᠦᠷ ᠪᠦᠬᠦ ᠲᠠᠯ᠎ᠠ ᠪᠠᠷ ᠰᠡᠭᠦᠯ ᠬᠤᠷᠢᠶᠠᠬᠤ | ᠪᠣᠯᠤᠨ᠎ᠠ᠃ | | ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠲᠠᠷᠢᠶᠠᠯᠠᠩ ᠤᠨ ᠪᠠᠯᠠ ᠣᠷᠣᠭᠤᠯᠤᠯᠲᠠ ᠶᠢᠨ ᠮᠡᠳᠡᠭᠡ | ᠵᠠᠩᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠬᠡᠷᠡᠭ ᠬᠢᠨᠠᠭᠴᠢ ᠶᠢᠨ ᠳᠠᠷᠤᠭ᠎ᠠ ᠵᠣᠣ | ᠰᠢᠶᠤᠤ ᠸᠧᠶ᠄ ︽ᠠᠮᠢᠲᠠᠨ ᠤ ᠬᠢᠵᠢᠭ ᠢ ᠰᠡᠷᠭᠡᠶᠢᠯᠡᠬᠦ ᠪᠣᠯ ᠮᠠᠯ ᠠᠵᠤ ᠠᠬᠤᠶ ᠶᠢᠨ ᠬᠥᠭᠵᠢᠯᠲᠡ ᠶᠢᠨ ᠠᠮᠢᠨ | ᠰᠤᠳᠠᠰᠤ ᠮᠥᠨ᠂ ᠮᠠᠯᠴᠢᠨ ᠲᠠᠷᠢᠶᠠᠴᠢᠨ ᠤ ᠠᠮᠢ ᠪᠡᠶ᠎ᠡ ᠶᠢᠨ ᠠᠰᠢᠭ ᠲᠤᠰᠠ ᠲᠠᠢ ᠬᠤᠯᠪᠣᠭᠳᠠᠵᠤ ᠪᠠᠶᠢᠳᠠᠭ᠃ ᠪᠢᠳᠡ | ᠲᠣᠰ ᠤᠳᠠᠭᠠᠨ ᠤ ᠬᠢᠵᠢᠭ ᠢ ᠰᠡᠷᠭᠡᠶᠢᠯᠡᠬᠦ ᠠᠵᠢᠯ ᠨᠢ ᠪᠥᠬᠦ ᠬᠤᠰᠢᠭᠤᠨ ᠤ ᠪᠣᠶ ᠪᠥᠬᠦᠶ ᠲᠡᠵᠢᠭᠡᠨ ᠦᠷᠡᠵᠢᠭᠦᠯᠬᠦ | ᠣᠷᠣᠨ ᠪᠦᠰᠡ ᠶᠢ ᠬᠠᠮᠤᠷᠴᠤ᠂ ᠶᠡᠭᠡ ᠬᠡᠮᠵᠢᠶᠡᠨ ᠤ ᠬᠥᠮᠦᠨ ᠤ ᠬᠦᠴᠦᠨ᠂ ᠪᠣᠳᠠᠰ ᠤᠨ ᠬᠦᠴᠦᠨ ᠣᠷᠣᠭᠤᠯᠵᠤ᠂ | ᠸᠠᠺᠼᠢᠨ ᠢ ᠳᠠᠷᠢᠬᠤ ᠠᠴᠠ ᠭᠡᠯᠳᠦᠷᠢᠭᠦᠯᠬᠦ ᠨᠣᠷᠮ᠎ᠠ ᠶᠢ 100 % ᠳᠤ ᠬᠦᠷᠭᠡᠬᠦ ᠶᠢ ᠪᠠᠲᠤᠯᠠᠨ᠎ᠠ᠃ ᠵᠠᠯᠭᠠᠭᠠᠳ | ᠪᠢᠳᠡ ᠪᠠᠰᠠ ᠬᠢᠵᠢᠭ ᠢ ᠰᠡᠷᠭᠡᠶᠢᠯᠡᠬᠦ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠵᠤ᠂ ᠬᠢᠵᠢᠭ | ᠡᠪᠡᠳᠴᠢᠨ ᠢ ᠬᠢᠨᠠᠨ ᠬᠡᠮᠵᠢᠬᠦ ᠪᠠ ᠰᠡᠷᠭᠡᠶᠢᠯᠡᠨ ᠡᠵᠡᠮᠳᠡᠬᠦ ᠠᠵᠢᠯ ᠢ ᠲᠣᠭᠲᠠᠮᠠᠯ ᠬᠤᠭᠤᠴᠠᠭ᠎ᠠ ᠲᠠᠢ ᠪᠠᠷ | ᠥᠷᠨᠢᠭᠦᠯᠬᠦ ᠶᠢᠨ ᠬᠠᠮᠲᠤ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠯᠤᠭ᠎ᠠ ᠶᠢᠨ ᠬᠠᠮᠲᠤᠷᠠᠯᠴᠠᠭ᠎ᠠ ᠪᠠᠨ | ᠴᠢᠩᠭᠠᠳᠬᠠᠵᠤ᠂ ᠬᠢᠵᠢᠭ ᠢ ᠰᠡᠷᠭᠡᠶᠢᠯᠡᠬᠦ ᠲᠡᠷᠢᠭᠦᠨ ᠤ ᠮᠡᠷᠭᠡᠵᠢᠯ ᠢ ᠣᠷᠣᠭᠤᠯᠤᠨ ᠠᠪᠴᠢᠷᠠᠵᠤ᠂ ᠴᠠᠬᠠᠷ ᠪᠠᠷᠠᠭᠤᠨ | ᠭᠠᠷᠤᠨ ᠬᠤᠶᠢᠲᠤ ᠬᠤᠰᠢᠭᠤᠨ ᠤ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠬᠠᠮᠠᠭᠠᠯᠠᠨ᠎ᠠ︾ ᠭᠡᠪᠡ᠃ | | | ᠵᠣᠬᠢᠶᠠᠭᠴᠢ᠄ ᠯᠦ ᠰᠢᠶᠤᠤ ᠲᠢᠩ᠂ ᠸᠠᠩ ᠱᠤ᠋ ᠸᠧᠨ | ᠤᠷᠴᠢᠭᠤᠯᠤᠭᠴᠢ᠄ ᠰᠤᠷᠤᠨ᠎ᠠ | ᠬᠢᠨᠠᠭᠴᠢ᠄ ᠡᠷᠳᠡᠨᠢᠴᠢᠮᠡᠭ | | |