4 ᠰᠠᠷ᠎ᠠ ᠶᠢᠨ 28 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ | ᠪᠠᠶᠢᠩᠭᠤ ᠶᠢᠨ ᠳᠡᠳ᠋ ᠳᠠᠷᠤᠭ᠎ᠠ ᠸᠠᠩ ᠶᠦᠩ ᠹᠧᠩ ᠵᠥᠩ ᠯᠢᠶᠠᠨ ᠱᠦᠢᠨᠢ ᠶᠢᠨ ᠬᠢᠵᠠᠭᠠᠷᠲᠤ ᠺᠣᠮᠫᠠᠨᠢ᠂ ᠵᠥᠩ | ᠯᠢᠶᠠᠨ ᠱᠦᠢᠨᠢ ᠴᠣᠬᠤᠶ ᠶᠢᠨ ᠠᠭᠤᠷᠬᠠᠶ ᠳᠤ ᠬᠦᠷᠴᠦ ᠠᠶᠤᠯᠭᠦᠶ ᠦᠢᠯᠡᠳᠪᠦᠷᠢᠯᠡᠯ᠂ ᠠᠭᠤᠷᠬᠠᠶ ᠶᠢ ᠵᠠᠰᠠᠬᠤ | ᠠᠵᠢᠯ ᠤᠨ ᠲᠤᠬᠠᠶ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠪᠠ᠃ | ᠸᠠᠩ ᠶᠦᠩ ᠹᠧᠩ ᠠᠵᠤ ᠠᠬᠤᠶᠢᠯᠠᠯ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠲᠠᠢ ᠨᠠᠷᠢᠨ ᠶᠠᠷᠢᠯᠴᠠᠵᠤ᠂ | ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ᠂ ᠠᠶᠤᠯᠭᠦᠢ ᠦᠢᠯᠡᠳᠪᠦᠷᠢᠯᠡᠯ ᠤᠨ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠤᠭᠰᠠᠨ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠵᠡᠷᠭᠡ ᠪᠠᠶᠢᠳᠠᠯ ᠵᠢᠴᠢ ᠠᠵᠤ | ᠠᠬᠤᠶᠢᠯᠠᠯ ᠤᠨ ᠣᠳᠣᠬᠠᠨ ᠳᠤ ᠣᠷᠣᠰᠢᠵᠤ ᠪᠠᠶᠢᠭ᠎ᠠ ᠬᠦᠴᠢᠷᠳᠡᠯ ᠪᠣᠯᠤᠨ ᠠᠰᠠᠭᠤᠳᠠᠯ ᠢ ᠨᠠᠷᠢᠨ ᠣᠶᠢᠯᠠᠭᠠᠬᠤ ᠶᠢᠨ | ᠬᠠᠮᠲᠤ ᠵᠢᠯᠣᠭᠤᠳᠬᠤ ᠴᠢᠨᠠᠷᠲᠠᠢ ᠰᠠᠨᠠᠯ ᠰᠠᠨᠠᠭᠤᠯᠭ᠎ᠠ ᠳᠤᠷᠠᠳᠴᠠᠢ᠃ | ᠸᠠᠩ ᠶᠦᠩ ᠹᠧᠩ᠂ ᠠᠶᠤᠯᠭᠦᠢ ᠦᠢᠯᠡᠳᠪᠦᠷᠢᠯᠡᠯ ᠪᠣᠯ ᠠᠷᠠᠳ ᠤᠨ ᠠᠮᠢᠳᠤᠷᠠᠯ ᠤᠨ ᠶᠡᠭᠡ ᠶᠠᠪᠤᠳᠠᠯ ᠮᠥᠨ᠂ | ᠥᠴᠦᠬᠡᠨ ᠴᠦ ᠰᠤᠯᠠᠷᠠᠭᠤᠯᠵᠤ ᠪᠣᠯᠬᠤ ᠦᠭᠡᠢ᠃ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠠᠶᠤᠯᠭᠦᠢ | ᠦᠢᠯᠡᠳᠪᠦᠷᠢᠯᠡᠯ ᠤᠨ ᠡᠨᠡᠬᠦ ᠬᠥᠪᠴᠢ ᠶᠢ ᠢᠮᠠᠭᠲᠠ ᠴᠢᠩᠭᠠᠷᠠᠭᠤᠯᠵᠤ᠂ ᠠᠮᠤᠷ ᠲᠦᠪᠰᠢᠨ ᠤ ᠤᠬᠠᠮᠰᠠᠷ ᠢᠶᠠᠨ | ᠳᠡᠭᠡᠭᠰᠢᠯᠡᠭᠦᠯᠵᠦ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠬᠢᠨᠠᠯᠲᠠ | ᠬᠠᠮᠢᠶᠠᠷᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠠᠶᠤᠯ ᠲᠦᠭᠰᠢᠭᠦᠷᠢ ᠶᠢᠨ ᠭᠡᠮ ᠰᠣᠭᠤᠭ ᠢ ᠪᠦᠬᠦ ᠲᠠᠯ᠎ᠠ ᠪᠠᠷ | ᠭᠦᠨᠵᠡᠭᠡᠢ ᠪᠠᠶᠢᠴᠠᠭᠠᠵᠤ᠂ ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠡᠷᠡᠰ ᠰᠠᠬᠢᠬᠤ ᠬᠡᠷᠡᠭᠲᠡᠢ᠃ ᠠᠵᠤ | ᠠᠬᠤᠶᠢᠯᠠᠯ ᠤᠳ ᠠᠶᠤᠯᠭᠦᠢ ᠦᠢᠯᠡᠳᠪᠦᠷᠢᠯᠡᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ | ᠡᠳᠦᠷ ᠲᠤᠲᠤᠮ ᠤᠨ ᠲᠣᠭᠤᠷᠢᠨ ᠪᠠᠶᠢᠴᠠᠭᠠᠬᠤ ᠪᠠ ᠲᠣᠨᠤᠭ ᠲᠥᠬᠦᠭᠡᠷᠦᠮᠵᠢ ᠶᠢᠨ ᠬᠠᠮᠠᠭᠠᠯᠠᠯᠲᠠ ᠶᠢ ᠰᠠᠶᠢᠲᠤᠷ ᠬᠢᠵᠦ᠂ | ᠠᠮᠤᠷ ᠲᠦᠪᠰᠢᠨ ᠤ ᠬᠥᠮᠦᠵᠢᠯ ᠪᠠ ᠠᠵᠢᠯᠲᠠᠨ ᠤ ᠪᠣᠯᠪᠠᠰᠤᠷᠠᠭᠤᠯᠤᠯ ᠢ ᠴᠢᠩᠭᠠᠳᠬᠠᠨ᠂ ᠪᠠᠴᠢᠮ ᠪᠠᠶᠢᠳᠠᠯ ᠢ | ᠠᠷᠭᠠᠴᠠᠨ ᠰᠢᠢᠳᠪᠦᠷᠢᠯᠡᠬᠦ ᠴᠢᠳᠠᠪᠤᠷᠢ ᠪᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠡᠯ᠎ᠡ ᠲᠥᠷᠥᠯ ᠤᠨ ᠠᠶᠤᠯᠭᠦᠢ | ᠦᠢᠯᠡᠳᠪᠦᠷᠢᠯᠡᠯ ᠤᠨ ᠠᠳᠡᠯ ᠢ ᠪᠦᠲᠦᠮᠵᠢᠲᠡᠶ ᠰᠡᠷᠭᠡᠶᠢᠯᠡᠬᠦ ᠬᠡᠷᠡᠭᠲᠡᠶ᠃ ︽ᠬᠥᠬᠡᠮᠳᠦᠭ ᠨᠣᠭᠤᠭᠠᠨ ᠠᠭᠤᠯᠠ ᠤᠰᠤ | ᠪᠣᠯ ᠠᠯᠲᠠ ᠮᠥᠩᠭᠦᠨ ᠠᠭᠤᠯᠠ ᠮᠥᠨ︾ ᠭᠡᠬᠦ ᠠᠮᠢ ᠠᠬᠤᠶ ᠶᠢᠨ ᠣᠨᠣᠯᠵᠢᠬᠤᠨ ᠢ ᠪᠠᠲᠤ ᠪᠠᠬᠢ ᠪᠣᠶ ᠪᠣᠯᠭᠠᠵᠤ᠂ | ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ᠂ ᠶᠡᠷᠦᠩᠬᠡᠶᠢᠯᠡᠭᠰᠡᠨ ᠠᠷᠭ᠎ᠠ ᠪᠣᠳᠣᠯᠭ᠎ᠠ | ᠬᠡᠷᠡᠭᠵᠢᠭᠦᠯᠵᠦ᠂ ᠠᠭᠤᠷᠬᠠᠶ ᠶᠢ ᠰᠡᠷᠭᠦᠭᠡᠨ ᠵᠠᠰᠠᠭᠰᠠᠨ ᠦᠷ᠎ᠡ ᠪᠦᠲᠦᠮᠵᠢ ᠶᠢ ᠦᠷᠭᠦᠯᠵᠢᠯᠡᠨ ᠪᠠᠬᠢᠵᠢᠭᠦᠯᠦᠨ | ᠥᠷᠭᠡᠳᠬᠡᠵᠦ᠂ ᠠᠭᠤᠷᠬᠠᠶ ᠶᠢᠨ ᠠᠮᠢ ᠠᠬᠤᠶ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ | ᠰᠠᠶᠢᠵᠢᠷᠠᠭᠤᠯᠬᠤ ᠶᠢ ᠲᠠᠰᠤᠷᠠᠯᠲᠠ ᠥᠬᠡᠶ ᠳᠥᠯᠭᠢᠨ ᠠᠬᠢᠭᠤᠯᠵᠤ᠂ ᠬᠤᠰᠢᠭᠤᠨ ᠤ ᠠᠵᠤ ᠠᠬᠤᠶ ᠶᠢᠨ ᠴᠢᠨᠠᠷ | ᠰᠠᠶᠢᠲᠠᠶ ᠬᠥᠭᠵᠢᠯᠲᠡ ᠳᠤ ᠪᠣᠬᠢᠷᠲᠤᠯ ᠥᠬᠡᠶ ᠰᠠᠭᠤᠷᠢ ᠶᠢ ᠪᠠᠲᠤ ᠴᠣᠭᠴᠠᠯᠠᠬᠤ ᠬᠡᠷᠡᠭᠲᠡᠶ᠃ | | | | | ᠵᠣᠬᠢᠶᠠᠭᠴᠢ᠄ ᠴᠢᠮᠡᠭᠡᠯᠡᠭᠴᠢ᠄ ᠴᠢ ᠷᠦᠢ ᠶᠢᠨ᠂ ᠸᠠᠩ ᡁᠢ ᠸᠧᠨ | ᠤᠷᠴᠢᠭᠤᠯᠤᠭᠴᠢ᠄ ᠰᠤᠷᠤᠨ᠎ᠠ | ᠬᠢᠨᠠᠭᠴᠢ᠄ ᠡᠷᠳᠡᠨᠢᠴᠢᠮᠡᠭ | | |