ᠵᠠᠩ ᠵᠢᠶᠠᠨ ᠪᠢᠨ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠭᠤᠷᠪᠠᠳᠤᠭᠠᠷ ᠳᠤᠮᠳᠠᠳᠤ ᠰᠤᠷᠭᠠᠭᠤᠯᠢ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2025/4/29
   4 ᠰᠠᠷ᠎ᠠ ᠶᠢᠨ 28 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠵᠠᠩ ᠵᠢᠶᠠᠨ ᠪᠢᠨ ᠨᠠᠷ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠭᠤᠷᠪᠠᠳᠤᠭᠠᠷ ᠳᠤᠮᠳᠠᠳᠤ ᠰᠤᠷᠭᠠᠭᠤᠯᠢ ᠳᠤ ᠭᠦᠨᠵᠡᠭᠡᠶᠢᠷᠡᠨ᠂ ︽ᠰᠤᠷᠭᠠᠭᠤᠯᠢ ᠶᠢᠨ ᠬᠦᠷᠢᠶᠡᠨ ᠤ ᠢᠳᠡᠭᠡᠨ ᠤᠮᠳᠠᠭᠠᠨ︾ ᠶᠢ ᠲᠤᠰᠬᠠᠶ ᠴᠡᠭᠴᠡᠯᠡᠨ ᠵᠠᠰᠠᠬᠤ ᠪᠠ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠵᠡᠷᠭᠡ ᠠᠵᠢᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠪᠠ᠃    ᠪᠠᠶᠢᠴᠠᠭᠠᠨ ᠰᠤᠳᠤᠯᠤᠯᠲᠠ ᠶᠢᠨ ᠳᠤᠮᠳᠠ᠂ ᠵᠠᠩ ᠵᠢᠶᠠᠨ ᠪᠢᠨ ᠰᠤᠷᠭᠠᠭᠤᠯᠢ ᠶᠢᠨ ᠬᠤᠭᠤᠯᠠᠨ ᠬᠡᠷ ᠤᠨ ᠢᠳᠡᠭᠡᠨ ᠤ ᠮᠠᠲ᠋ᠧᠷᠢᠶᠠᠯ ᠢ ᠬᠠᠳᠠᠭᠠᠯᠠᠬᠤ ᠲᠣᠭᠤᠷᠢᠭ᠂ ᠡᠳ᠋ᠰᠢᠭᠦᠯᠬᠦ ᠠᠵᠢᠯᠯᠠᠬᠤ ᠲᠠᠰᠤᠭ᠂ ᠬᠤᠭᠤᠯᠠ ᠪᠡᠯᠡᠳᠬᠡᠬᠦ ᠥᠷᠥᠭᠡ ᠵᠡᠷᠭᠡ ᠵᠠᠩᠭᠢᠯᠠᠭ᠎ᠠ ᠶᠢᠨ ᠣᠷᠣᠨ ᠪᠦᠰᠡ ᠶᠢ ᠭᠤᠤᠯᠳᠠᠯᠭ᠎ᠠ ᠲᠠᠢ ᠪᠠᠶᠢᠴᠠᠭᠠᠨ ᠦᠵᠡᠵᠦ᠂ ᠢᠳᠡᠭᠡᠨ ᠤ ᠮᠠᠲ᠋ᠧᠷᠢᠶᠠᠯ ᠢ ᠬᠤᠳᠠᠯᠳᠤᠨ ᠠᠪᠬᠤ ᠠᠷᠭ᠎ᠠ ᠵᠠᠮ᠂ ᠬᠠᠳᠠᠭᠠᠯᠠᠬᠤ ᠨᠥᠬᠦᠴᠡᠯ᠂ ᠡᠳ᠋ᠰᠢᠭᠦᠯᠬᠦ ᠶᠠᠪᠤᠴᠠ᠂ ᠬᠤᠭᠤᠯᠠᠨ ᠤ ᠬᠡᠷᠡᠭᠰᠡᠯ ᠢ ᠠᠷᠢᠭᠤᠳᠬᠠᠬᠤ ᠵᠢᠴᠢ ᠠᠵᠢᠯ ᠡᠷᠭᠢᠯᠡᠭᠰᠡᠳ ᠤᠨ ᠡᠷᠡᠭᠦᠯ ᠮᠡᠨᠳᠦ ᠶᠢᠨ ᠬᠠᠮᠢᠶᠠᠷᠤᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠡᠭᠦᠨ ᠤ ᠬᠠᠮᠲᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ ᠰᠤᠷᠭᠠᠭᠤᠯᠢ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠲᠠᠢ ᠶᠠᠷᠢᠯᠴᠠᠵᠤ᠂ ᠬᠤᠭᠤᠯᠠᠨ ᠤ ᠵᠠᠷᠤᠳᠠᠯ ᠤᠨ ᠪᠠᠷᠢᠮᠵᠢᠶ᠎ᠠ ᠵᠢᠴᠢ ᠬᠠᠮᠢᠶ᠎ᠠ ᠪᠥᠬᠦᠶ ᠵᠠᠷᠤᠳᠠᠯ ᠢ ᠬᠡᠷᠡᠭᠯᠡᠭᠰᠡᠨ ᠪᠠᠶᠢᠳᠠᠯ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠪᠠᠶᠢᠳᠠᠯ᠂ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠶᠢᠨ ᠪᠠᠶᠢᠳᠠᠯ ᠪᠠ ᠣᠳᠣᠬᠠᠨ ᠳᠤ ᠲᠤᠯᠭᠠᠷᠠᠵᠤ ᠪᠠᠶᠢᠭ᠎ᠠ ᠬᠦᠴᠢᠷᠳᠡᠯ ᠲᠠᠢ ᠠᠰᠠᠭᠤᠳᠠᠯ ᠢ ᠰᠣᠨᠣᠰᠴᠤ᠂ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠶᠢ ᠢᠳᠡᠪᠬᠢᠲᠡᠶ ᠲᠡᠮᠡᠴᠡᠨ ᠣᠯᠵᠤ᠂ ᠰᠤᠷᠭᠠᠭᠤᠯᠢ ᠡᠷᠭᠢᠯᠡᠬᠦ ᠨᠥᠬᠦᠴᠡᠯ ᠢ ᠲᠠᠰᠤᠷᠠᠯᠲᠠ ᠥᠬᠡᠶ ᠰᠠᠶᠢᠵᠢᠷᠠᠭᠤᠯᠵᠤ᠂ ᠪᠠᠭᠰᠢ ᠶᠢᠨ ᠬᠦᠴᠦᠨ ᠤ ᠲᠣᠬᠢᠷᠠᠭᠤᠯᠤᠯᠲᠠ ᠶᠢ ᠰᠢᠯᠢᠳᠡᠭᠵᠢᠭᠦᠯᠦᠨ᠂ ᠪᠠᠭᠰᠢ ᠰᠤᠷᠤᠭᠴᠢᠳ ᠤᠨ ᠬᠡᠷᠡᠭᠴᠡᠭᠡ ᠱᠠᠭᠠᠷᠳᠠᠯᠭ᠎ᠠ ᠶᠢ ᠬᠠᠯᠠᠮᠵᠢᠯᠠᠨ ᠠᠩᠬᠠᠷᠴᠤ᠂ ᠪᠠᠭᠰᠢ ᠰᠤᠷᠤᠭᠴᠢᠳ ᠲᠤ ᠨᠠᠩ ᠰᠢᠯᠢᠳᠡᠭ ᠰᠤᠷᠭᠠᠨ ᠬᠥᠮᠦᠵᠢᠯ ᠤᠨ ᠣᠷᠴᠢᠨ ᠨᠥᠬᠦᠴᠡᠯ ᠢ ᠪᠣᠶ ᠪᠣᠯᠭᠠᠵᠤ ᠥᠭᠬᠦ ᠬᠡᠷᠡᠭᠲᠡᠶ ᠭᠡᠵᠦ ᠱᠠᠭᠠᠷᠳᠠᠪᠠ᠃    ᠵᠠᠩ ᠵᠢᠶᠠᠨ ᠪᠢᠨ᠂ ᠰᠤᠷᠭᠠᠭᠤᠯᠢ ᠶᠢᠨ ᠬᠦᠷᠢᠶᠡᠨ ᠤ ᠬᠤᠭᠤᠯᠠᠨ ᠤ ᠠᠮᠤᠷ ᠲᠦᠪᠰᠢᠨ ᠨᠢ ᠰᠤᠷᠤᠭᠴᠢᠳ ᠤᠨ ᠡᠷᠡᠭᠦᠯ ᠢᠶᠠᠷ ᠦᠰᠦᠨ ᠪᠤᠶᠢᠵᠢᠬᠤ ᠲᠠᠢ ᠰᠢᠭᠤᠳ ᠬᠤᠯᠪᠣᠭᠳᠠᠵᠤ ᠪᠠᠶᠢᠳᠠᠭ᠂ ᠰᠤᠷᠭᠠᠭᠤᠯᠢ ᠢᠳᠡᠭᠡᠨ ᠤ ᠠᠮᠤᠷ ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ︽ᠥᠴᠦᠬᠡᠨ ᠴᠦ ᠠᠭᠤᠴᠢᠯᠠᠬᠤ ᠥᠬᠡᠶ︾ ᠣᠪᠣᠷ ᠢᠶᠠᠷ ᠢᠳᠡᠭᠡᠨ ᠤ ᠠᠮᠤᠷ ᠲᠦᠪᠰᠢᠨ ᠤ ᠬᠦᠷᠢᠶᠡᠨ ᠳᠠᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠳᠤ ᠴᠣᠬᠢᠯᠲᠠ ᠥᠭᠴᠦ᠂ ᠡᠷᠬᠡᠪᠰᠢ ᠰᠤᠷᠤᠭᠴᠢᠳ ᠤᠨ ᠬᠤᠭᠤᠯᠠᠨ ᠤ ᠵᠠᠷᠤᠳᠠᠯ ᠢ ᠪᠦᠬᠦᠨ ᠢ ᠰᠤᠷᠤᠭᠴᠢᠳ ᠤᠨ ᠢᠳᠡᠭᠡᠨ ᠤᠮᠳᠠᠭᠠᠨ ᠳᠤ ᠬᠡᠷᠡᠭᠯᠡᠬᠦ ᠶᠢ ᠪᠠᠷᠢᠮᠲᠠᠯᠠᠵᠤ᠂ ᠰᠢᠬᠠᠨ ᠡᠵᠡᠯᠡᠵᠦ ᠨᠡᠭᠦᠯᠭᠡᠨ ᠬᠡᠷᠡᠭᠯᠡᠬᠦ ᠶᠢ ᠶᠠᠭᠠᠬᠢᠭᠰᠠᠨ ᠴᠤ ᠵᠥᠪᠰᠢᠶᠡᠷᠡᠬᠦ ᠥᠬᠡᠶ᠃ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ︽ᠰᠤᠷᠭᠠᠭᠤᠯᠢ ᠶᠢᠨ ᠬᠦᠷᠢᠶᠡᠨ ᠤ ᠢᠳᠡᠭᠡᠨ ᠤᠮᠳᠠᠭᠠᠨ︾ ᠶᠢᠨ ᠠᠮᠤᠷ ᠲᠦᠪᠰᠢᠨ ᠤ ᠬᠠᠮᠢᠶᠠᠷᠤᠯᠲᠠ ᠶᠢ ᠪᠠᠶᠢᠩᠭᠤᠵᠢᠭᠤᠯᠬᠤ ᠶᠢ ᠠᠬᠢᠭᠤᠯᠵᠤ᠂ ᠢᠳᠡᠭᠡᠨ ᠤ ᠠᠷᠢᠭᠤᠨ ᠴᠡᠪᠡᠷ᠂ ᠰᠢᠮ᠎ᠡ ᠲᠡᠵᠢᠭᠡᠯ ᠢ ᠲᠡᠩᠴᠡᠭᠦᠷᠢᠲᠡᠶ ᠪᠠᠶᠢᠯᠭᠠᠬᠤ ᠶᠢ ᠪᠠᠲᠤᠯᠠᠵᠤ᠂ ᠰᠤᠷᠤᠭᠴᠢᠳ ᠢ ᠰᠠᠨᠠᠭ᠎ᠠ ᠠᠮᠤᠷ ᠢᠳᠡᠵᠦ᠂ ᠬᠡᠷ ᠤᠨ ᠠᠬᠠᠮᠠᠳ ᠢ ᠰᠠᠨᠠᠭ᠎ᠠ ᠠᠮᠤᠷ ᠪᠠᠶᠢᠯᠭᠠᠬᠤ ᠬᠡᠷᠡᠭᠲᠡᠶ᠃                      ᠵᠣᠬᠢᠶᠠᠭᠴᠢ᠄ ᠰᠤᠷᠪᠤᠯᠵᠢᠯᠠᠭᠴᠢ᠄ ᠰᠦᠨ ᠯᠢ ᠨᠠ᠂ ᠹᠠᠨ ᠵᠢᠶᠠ ᠸᠧᠨ                      ᠤᠷᠴᠢᠭᠤᠯᠤᠭᠴᠢ᠄ ᠰᠤᠷᠤᠨ᠎ᠠ                      ᠬᠢᠨᠠᠭᠴᠢ᠄ ᠡᠷᠳᠡᠨᠢᠴᠢᠮᠡᠭ
 
ᠢᠷᠡᠯᠲᠡ᠄ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号