4 ᠰᠠᠷ᠎ᠠ ᠶᠢᠨ 28 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ | ᠵᠠᠩ ᠵᠢᠶᠠᠨ ᠪᠢᠨ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ 2025 | ᠣᠨ ᠤ 8 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠵᠢᠴᠢ ᠪᠥᠬᠦ ᠬᠤᠰᠢᠭᠤᠨ ᠤ ᠠᠵᠤ ᠠᠬᠤᠶ ᠶᠢᠨ | ᠠᠵᠢᠯᠯᠠᠭᠠᠨ ᠤ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠪᠥᠬᠦ ᠬᠤᠰᠢᠭᠤᠨ ᠤ ᠠᠵᠤ | ᠠᠬᠤᠶ ᠶᠢᠨ ᠠᠵᠢᠯᠯᠠᠭᠠᠨ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ᠂ ᠪᠠᠯᠠ ᠮᠥᠩᠭᠦ ᠣᠷᠣᠭᠤᠯᠤᠨ | ᠠᠪᠴᠢᠷᠠᠬᠤ ᠵᠡᠷᠭᠡ ᠠᠵᠢᠯ ᠢ ᠲᠤᠰᠬᠠᠶ ᠰᠡᠳᠦᠪ ᠢᠶᠠᠷ ᠰᠤᠳᠤᠯᠪᠠ᠃ | ᠬᠤᠷᠠᠯ ᠠᠴᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠤᠬᠡ ᠶᠢᠨ ᠳᠤᠷᠠᠰᠬᠠᠯᠲᠤ | ᠵᠦᠢᠯᠡᠰ ᠤᠨ ᠬᠠᠮᠠᠭᠠᠯᠠᠯᠲᠠ ᠶᠢᠨ ᠬᠠᠤᠯᠢ︾ ᠶᠢ ᠲᠥᠪᠯᠡᠷᠡᠭᠦᠯᠦᠨ ᠰᠤᠷᠤᠯᠴᠠᠪᠠ︔ ᠬᠤᠲᠠ ᠶᠢᠨ ᠵᠠᠰᠠᠭ ᠤᠨ | ᠣᠷᠳᠣᠨ ᠤ 2025 ᠣᠨ ᠤ 7 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠵᠢᠴᠢ ᠪᠥᠬᠦ ᠬᠤᠲᠠ ᠶᠢᠨ ᠠᠵᠤ | ᠠᠬᠤᠶ ᠶᠢᠨ ᠠᠵᠢᠯᠯᠠᠭᠠᠨ᠂ ᠴᠢᠬᠤᠯᠠ ᠶᠡᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠪᠠ ᠬᠤᠳᠠᠯᠳᠤᠭᠠᠴᠢᠨ | ᠤᠷᠢᠵᠤ ᠪᠠᠯᠠ ᠣᠷᠣᠭᠤᠯᠬᠤ ᠲᠣᠬᠢᠷᠠᠭᠤᠯᠤᠯᠲᠠ ᠶᠢᠨ ᠬᠤᠷᠠᠯ ᠤᠨ ᠬᠤᠯᠪᠣᠭᠳᠠᠯ ᠪᠥᠬᠦᠶ ᠱᠠᠭᠠᠷᠳᠠᠯᠭ᠎ᠠ ᠶᠢ | ᠤᠯᠠᠮᠵᠢᠯᠠᠨ ᠪᠠᠶᠢᠷᠢᠯᠠᠭᠤᠯᠵᠤ᠂ ᠪᠥᠬᠦ ᠬᠤᠰᠢᠭᠤᠨ ᠤ ᠨᠢᠭᠡᠳᠦᠭᠡᠷ ᠤᠯᠠᠷᠢᠯ ᠵᠢᠴᠢ 1 - 4 ᠳ᠋ᠤᠭᠡᠷ ᠰᠠᠷ᠎ᠠ ᠶᠢᠨ ᠠᠵᠤ | ᠠᠬᠤᠶ ᠶᠢᠨ ᠠᠵᠢᠯᠯᠠᠭᠠᠨ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ᠂ ᠬᠤᠳᠠᠯᠳᠤᠭᠠᠴᠢᠨ ᠤᠷᠢᠵᠤ ᠪᠠᠯᠠ | ᠣᠷᠣᠭᠤᠯᠬᠤ ᠵᠡᠷᠭᠡ ᠠᠵᠢᠯ ᠳᠤ ᠵᠦᠢᠯ ᠳᠠᠷᠠᠭᠠᠯᠠᠨ ᠲᠣᠬᠢᠷᠠᠭᠤᠯᠤᠯᠲᠠ ᠬᠢᠵᠦ᠂ ᠠᠰᠠᠭᠤᠳᠠᠯ ᠬᠦᠴᠢᠷᠳᠡᠯ ᠢ ᠵᠠᠳᠠᠯᠵᠤ᠂ | ᠪᠣᠳᠠᠲᠠᠶ ᠠᠷᠭ᠎ᠠ ᠬᠡᠮᠵᠢᠶ᠎ᠡ ᠶᠢ ᠰᠤᠳᠤᠯᠵᠤ᠂ ᠭᠤᠤᠯᠳᠠᠯᠭ᠎ᠠ ᠲᠠᠢ ᠠᠵᠢᠯ ᠢ ᠪᠠᠶᠢᠷᠢᠯᠠᠭᠤᠯᠪᠠ᠃ | ᠬᠤᠷᠠᠯ ᠠᠴᠠ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠣᠳᠣᠬᠠᠨ ᠤ ᠠᠵᠤ ᠠᠬᠤᠢ ᠶᠢᠨ | ᠬᠥᠭᠵᠢᠯᠲᠡ ᠶᠢᠨ ᠪᠠᠶᠢᠳᠠᠯ ᠢ ᠣᠨᠣᠪᠴᠢᠲᠠᠢ ᠡᠵᠡᠮᠳᠡᠵᠦ᠂ ᠬᠤᠶᠠᠳᠤᠭᠠᠷ ᠤᠯᠠᠷᠢᠯ ᠤᠨ ᠪᠦᠳᠦᠭᠡᠨ ᠪᠠᠶᠢᠭᠤᠯᠤᠯᠲᠠ᠂ | ᠪᠡᠯᠡ ᠣᠷᠣᠭᠤᠯᠤᠯᠲᠠ᠂ ᠦᠢᠯᠡᠳᠪᠦᠷᠢᠯᠡᠯ ᠤᠨ ᠵᠠᠩᠭᠢᠯᠠᠭ᠎ᠠ ᠶᠢᠨ ᠴᠠᠭ ᠬᠤᠭᠤᠴᠠᠭ᠎ᠠ ᠶᠢ ᠠᠮᠵᠢᠵᠤ᠂ ᠭᠦᠢᠴᠡᠳᠬᠡᠬᠦ | ᠲᠤᠭ᠎ᠠ ᠶᠢ ᠬᠢᠨᠠᠨ ᠬᠡᠮᠵᠢᠵᠦ ᠲᠤᠬᠢᠷᠠᠭᠤᠯᠬᠤ ᠶᠢ ᠴᠢᠩᠭᠠᠳᠬᠠᠵᠤ᠂ ᠠᠵᠤ ᠠᠬᠤᠶᠢᠯᠠᠯ ᠢ ᠬᠠᠪᠰᠤᠷᠤᠨ | ᠬᠦᠴᠢᠷᠳᠡᠯ ᠢ ᠨᠢ ᠰᠢᠢᠳᠪᠦᠷᠢᠯᠡᠬᠦ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠲᠦᠷᠦᠯ ᠵᠦᠢᠯ ᠤᠨ | ᠪᠦᠳᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠠᠵᠤ ᠠᠬᠤᠶᠢᠯᠠᠯ ᠢ ᠬᠠᠪᠰᠤᠷᠤᠨ ᠦᠢᠯᠡᠳᠪᠦᠷᠢᠯᠡᠯ ᠢ | ᠲᠣᠭᠲᠠᠪᠤᠷᠢᠵᠢᠭᠤᠯᠵᠤ᠂ ᠬᠡᠷᠡᠭᠯᠡᠭᠡ ᠶᠢ ᠥᠷᠭᠡᠳᠬᠡᠬᠦ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠣᠷᠣᠯᠭ᠎ᠠ ᠶᠢ | ᠨᠡᠮᠡᠭᠳᠡᠭᠦᠯᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠪᠦᠬᠦ ᠬᠦᠴᠦᠨ ᠢᠶᠠᠷ ᠢᠶᠠᠨ ᠨᠡᠮᠡᠭᠳᠡᠯ ᠢ | ᠲᠣᠭᠲᠠᠪᠤᠷᠢᠵᠢᠭᠤᠯᠬᠤ ᠬᠡᠷᠡᠭᠲᠡᠢ᠃ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠬᠠᠮᠵᠢᠯᠴᠠᠨ | ᠬᠠᠮᠵᠢᠯᠴᠠᠬᠤ ᠪᠠᠨ ᠴᠢᠩᠭᠠᠳᠬᠠᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠳᠤᠮᠳᠠᠬᠢ ᠲᠤᠪᠤᠶᠢᠮ᠎ᠠ | ᠵᠥᠷᠢᠴᠡᠯ ᠠᠰᠠᠭᠤᠳᠠᠯ ᠢ ᠵᠣᠷᠢᠭᠲᠠᠢ ᠪᠠᠷ ᠰᠢᠢᠳᠪᠦᠷᠢᠯᠡᠵᠦ᠂ ᠪᠦᠬᠦ ᠲᠠᠯ᠎ᠠ ᠶᠢ ᠤᠯᠠᠮ ᠴᠢᠨᠠᠭᠰᠢᠳᠠ ᠡᠮᠬᠢᠯᠡᠵᠦ᠂ | ᠳᠠᠯᠳᠠ ᠬᠦᠴᠦᠨ ᠢ ᠠᠭᠤᠳᠠᠯᠵᠤ᠂ ᠨᠢᠭᠡᠳᠬᠡᠪᠡᠰᠦ ᠵᠣᠬᠢᠬᠤ ᠶᠢ ᠨᠢ ᠪᠦᠬᠦᠨ ᠢ ᠨᠢᠭᠡᠳᠬᠡᠵᠦ᠂ ᠨᠢᠭᠡᠳᠦᠭᠡᠷ | ᠤᠯᠠᠷᠢᠯ ᠤᠨ ᠳᠤᠲᠠᠭᠤᠳᠠᠯ ᠢ ᠲᠦᠷᠭᠡᠨ ᠨᠥᠬᠦᠪᠥᠷᠢᠯᠡᠵᠦ᠂ ᠵᠢᠱᠢᠭᠰᠡᠨ ᠬᠠᠷᠠᠯᠲᠠ ᠡᠭᠦᠷᠭᠡ ᠪᠠᠨ ᠲᠡᠭᠦᠰ | ᠠᠮᠵᠢᠯᠲᠠ ᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠠᠴᠠ ᠪᠠᠰᠠ ᠠᠶᠤᠯᠭᠦᠢ ᠦᠢᠯᠡᠳᠪᠦᠷᠢᠯᠡᠯ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ᠂ | ᠮᠠᠯᠵᠢᠬᠤ ᠲᠠᠷᠢᠶᠠᠯᠠᠬᠤ ᠣᠷᠣᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ | ᠤᠢ ᠰᠢᠭᠤᠢ ᠡᠪᠡᠰᠦ ᠪᠡᠯᠴᠢᠭᠡᠷ ᠢ ᠰᠦᠢᠳᠭᠡᠬᠦ ᠲᠤᠰᠬᠠᠢ ᠴᠡᠭᠴᠡᠯᠡᠨ ᠵᠠᠰᠠᠬᠤ ᠪᠠ ᠬᠠᠤᠯᠢ ᠠᠴᠠ ᠵᠥᠷᠢᠴᠡᠨ ᠲᠠᠷᠢᠶᠠᠨ | ᠭᠠᠵᠠᠷ ᠢ ᠡᠵᠡᠯᠡᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠵᠡᠷᠭᠡ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃ | | | | | | ᠵᠣᠬᠢᠶᠠᠭᠴᠢ᠄ ᠴᠢᠮᠡᠭᠡᠯᠡᠭᠴᠢ᠄ ᠯᠦ ᠰᠢᠶᠤᠤ ᠲᠢᠩ᠂ ᠪᠤᠯᠠᠭ | ᠤᠷᠴᠢᠭᠤᠯᠤᠭᠴᠢ᠄ ᠰᠤᠷᠤᠨ᠎ᠠ | ᠬᠢᠨᠠᠭᠴᠢ᠄ ᠡᠷᠳᠡᠨᠢᠴᠢᠮᠡᠭ | | |