ᠣᠶᠢᠷ᠎ᠠ ᠳᠤ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠨᠠᠮ ᠤᠨ | ᠤᠳᠤᠷᠢᠳᠬᠤ ᠳᠤᠭᠤᠶᠢᠯᠠᠩ ᠤᠨ ᠱᠦᠵᠢ᠂ ᠬᠤᠰᠢᠭᠤᠨ ᠳᠠᠷᠤᠭ᠎ᠠ ᠵᠠᠩ ᠵᠢᠶᠠᠨ ᠪᠢᠨ ᠴᠠᠬᠠᠷ ᠪᠠᠷᠠᠭᠤᠨ ᠭᠠᠷᠤᠨ | ᠬᠤᠶᠢᠲᠤ ᠬᠤᠰᠢᠭᠤᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2025 ᠣᠨ ᠤ 8 | ᠳ᠋ᠤᠭᠠᠷ ᠤᠳᠠᠭᠠᠨ ᠤ ᠬᠤᠷᠠᠯ ᠵᠢᠴᠢ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ | ᠲᠤᠤᠱᠯᠠᠭᠤᠯᠬᠤ ᠰᠤᠷᠤᠯᠴᠠᠯᠭ᠎ᠠ ᠬᠥᠮᠦᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠤᠢᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ | ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ | ᠨᠠᠮ ᠤᠨ ᠬᠤᠷᠢᠶ᠎ᠠ᠂ ᠬᠤᠰᠢᠭᠤᠨ ᠤ ᠨᠠᠮ ᠤᠨ ᠬᠤᠷᠢᠶ᠎ᠠ ᠶᠢᠨ ᠬᠠᠮᠢᠶ᠎ᠠ ᠪᠦᠬᠦᠢ ᠬᠤᠷᠠᠯ ᠤᠨ ᠪᠢᠴᠢᠭ ᠮᠠᠲ᠋ᠧᠷᠢᠶᠠᠯ ᠤᠨ | ᠵᠣᠷᠢᠭ ᠰᠠᠨᠠᠭ᠎ᠠ ᠶᠢ ᠳᠠᠭᠠᠭᠤᠯᠤᠨ ᠰᠤᠷᠤᠯᠴᠠᠵᠤ᠂ ︽ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ | ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠲᠥᠪ ᠤᠨ ᠨᠠᠢᠮᠠᠨ ᠲᠣᠭᠲᠠᠭᠠᠯ ᠤᠨ | ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠬᠤ ᠰᠤᠷᠤᠯᠴᠠᠯᠭ᠎ᠠ ᠬᠥᠮᠦᠵᠢᠯ ᠤᠨ ᠭᠤᠣᠯᠳᠠᠯᠭ᠎ᠠ ᠲᠠᠢ ᠠᠵᠢᠯ ᠤᠨ | ᠲᠣᠬᠢᠷᠠᠭᠤᠯᠤᠯᠲᠠ︾ ᠶᠢ ᠬᠢᠨᠠᠨ ᠵᠥᠪᠯᠡᠵᠦ ᠪᠠᠲᠤᠯᠠᠭᠰᠠᠨ ᠪᠥᠭᠡᠳ ᠬᠤᠰᠢᠭᠤᠨ ᠤ ᠵᠠᠰᠠᠭ ᠤᠨ ᠣᠷᠳᠣᠨ ᠤ ᠨᠠᠮ ᠤᠨ | ᠤᠳᠤᠷᠢᠳᠬᠤ ᠳᠤᠭᠤᠶᠢᠯᠠᠩ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠬᠤ | ᠰᠤᠷᠤᠯᠴᠠᠯᠭ᠎ᠠ ᠬᠥᠮᠦᠵᠢᠯ ᠤᠨ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃ | ᠵᠠᠩ ᠵᠢᠶᠠᠨ ᠪᠢᠨ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠦᠵᠡᠯ ᠰᠠᠨᠠᠭ᠎ᠠ | ᠲᠠᠨᠢᠯᠲᠠ ᠪᠠᠨ ᠳᠡᠭᠡᠭᠰᠢᠯᠡᠭᠦᠯᠵᠦ᠂ ᠰᠤᠷᠤᠯᠴᠠᠯᠭ᠎ᠠ ᠬᠥᠮᠦᠵᠢᠯ ᠢ ᠡᠨᠡ ᠵᠢᠯ ᠤᠨ ᠵᠠᠰᠠᠭ ᠤᠨ ᠣᠷᠳᠣᠨ ᠤ | ᠰᠢᠰᠲ᠋ᠧᠮ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠨ ᠴᠢᠩᠭ᠎ᠠ | ᠠᠳᠬᠤᠨ ᠪᠣᠳᠠᠲᠠᠢ ᠠᠳᠬᠤᠵᠤ᠂ ᠵᠠᠰᠠᠭ ᠤᠨ ᠣᠷᠳᠣᠨ ᠤ ᠰᠢᠰᠲ᠋ᠧᠮ ᠤᠨ ᠥᠷᠭᠡᠨ ᠤᠯᠠᠨ ᠨᠠᠮ ᠤᠨ ᠭᠡᠰᠢᠭᠦᠨ | ᠺᠠᠳ᠋ᠷᠴᠤᠳ ᠢ ᠬᠥᠮᠥᠵᠢᠭᠦᠯᠦᠨ ᠬᠥᠲᠥᠯᠥᠨ ᠵᠢᠯᠤᠭᠤᠳᠴᠤ ᠪᠠᠶᠢᠭᠠᠳ ᠲᠥᠪ ᠬᠤᠷᠢᠶᠠᠨ ᠤ ᠨᠠᠢᠮᠠᠨ ᠲᠣᠭᠲᠠᠭᠠᠯ ᠤᠨ | ᠵᠣᠷᠢᠭ ᠰᠠᠨᠠᠭ᠎ᠠ ᠶᠢ ᠰᠢᠨᠲᠠᠷᠠᠰᠢ ᠦᠭᠡᠢ ᠲᠤᠤᠱᠯᠠᠭᠤᠯᠵᠤ᠂ ᠰᠤᠷᠲᠠᠯ ᠤᠨ ᠪᠠᠶᠢᠭᠤᠯᠤᠯᠲᠠ ᠶᠢᠨ ᠰᠢᠨ᠎ᠡ ᠦᠷ᠎ᠡ | ᠪᠦᠲᠦᠮᠵᠢ ᠪᠠᠷ ᠠᠷᠢᠭᠤᠨ ᠴᠢᠬᠡᠴᠢ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠰᠢᠨ᠎ᠡ ᠳᠦᠷᠰᠦ ᠪᠠᠶᠢᠳᠠᠯ ᠢ | ᠢᠯᠡᠷᠡᠭᠦᠯᠬᠦ ᠶᠢ ᠠᠬᠢᠭᠤᠯᠬᠤ ᠬᠡᠷᠡᠭᠲᠡᠢ᠃ ᠠᠭᠤᠰᠤᠯᠴᠠᠬᠤ ᠲᠠᠢ ᠰᠠᠶᠢᠲᠤᠷ ᠤᠶᠠᠯᠳᠤᠭᠤᠯᠵᠤ᠂ ᠰᠤᠷᠤᠯᠴᠠᠯᠭ᠎ᠠ | ᠬᠥᠮᠦᠵᠢᠯ ᠢ ᠥᠷᠨᠢᠭᠦᠯᠬᠦ ᠶᠢ ᠨᠢᠭᠡ ᠭᠤᠣᠯ ᠰᠢᠵᠢᠮ ᠢ ᠲᠤᠤᠱᠯᠠᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ | ︽ᠵᠢᠷᠭᠤᠭᠠᠨ ᠢᠨᠵᠧᠨᠧᠷᠢᠩ︾ ᠢ ᠬᠡᠷᠡᠭᠵᠢᠭᠦᠯᠵᠦ᠂ ︽ᠵᠢᠷᠭᠤᠭᠠᠨ ᠠᠵᠢᠯᠯᠠᠭ᠎ᠠ︾ ᠶᠢ ᠥᠷᠨᠢᠭᠦᠯᠬᠦ ᠲᠠᠢ | ᠤᠶᠠᠯᠳᠤᠭᠤᠯᠵᠤ᠂ ᠬᠤᠶᠠᠷ ᠲᠠᠯ᠎ᠠ ᠶᠢ ᠠᠳᠬᠤᠵᠤ᠂ ᠬᠤᠶᠠᠷ ᠢ ᠰᠠᠭᠠᠲᠠᠭᠠᠬᠤ ᠦᠭᠡᠢ᠂ ᠬᠤᠶᠠᠷ ᠢ ᠠᠬᠢᠭᠤᠯᠬᠤ ᠶᠢ | ᠦᠨᠡᠨᠬᠦ ᠪᠡᠶᠡᠯᠡᠭᠦᠯᠬᠦ ᠬᠡᠷᠡᠭᠲᠡᠢ᠃ ᠰᠤᠷᠤᠯᠴᠠᠵᠤ ᠪᠠᠶᠢᠴᠠᠭᠠᠨ ᠥᠭᠡᠷᠡᠴᠢᠯᠡᠬᠦ ᠶᠢ ᠨᠢᠭᠡ ᠴᠣᠭᠴᠠᠵᠢᠭᠤᠯᠤᠨ ᠠᠬᠢᠭᠤᠯᠵᠤ᠂ | ᠰᠤᠷᠤᠯᠴᠠᠵᠤ ᠰᠤᠳᠤᠯᠤᠨ ᠶᠠᠷᠢᠯᠴᠠᠬᠤ ᠶᠢ ᠰᠠᠶᠢᠲᠤᠷ ᠠᠳᠬᠤᠵᠤ᠂ ᠠᠰᠠᠭᠤᠳᠠᠯ ᠢ ᠪᠠᠶᠢᠴᠠᠭᠠᠨ ᠳᠡᠯᠭᠡᠵᠦ᠂ | ᠲᠥᠪᠯᠡᠷᠡᠭᠦᠯᠦᠨ ᠴᠡᠭᠴᠡᠯᠡᠨ ᠵᠠᠰᠠᠵᠤ᠂ ᠡᠭᠦᠳᠡ ᠪᠠᠨ ᠨᠡᠭᠡᠭᠡᠵᠦ ᠰᠤᠷᠭᠠᠨ ᠬᠥᠮᠦᠵᠢᠭᠦᠯᠵᠦ᠂ ᠰᠤᠷᠤᠯᠴᠠᠬᠤ ᠳᠠᠭᠠᠨ | ᠶᠠᠰᠤ ᠴᠢᠨᠠᠷ ᠲᠠᠢ᠂ ᠪᠠᠶᠢᠴᠠᠭᠠᠬᠤ ᠡᠷᠴᠢᠮ ᠲᠠᠢ᠂ ᠰᠠᠶᠢᠵᠢᠷᠠᠭᠤᠯᠬᠤ ᠦᠷ᠎ᠡ ᠪᠦᠲᠦᠮᠵᠢ ᠲᠠᠢ ᠪᠠᠶᠢᠬᠤ ᠶᠢ ᠪᠠᠲᠤᠯᠠᠵᠤ᠂ | ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ | ᠬᠥᠭᠵᠢᠯᠲᠡ ᠶᠢ ᠪᠠᠲᠤᠯᠠᠬᠤ ᠳᠤ ᠦᠢᠯᠡᠴᠢᠯᠡᠬᠦ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠬᠡᠷᠡᠭᠲᠡᠶ᠃ | ᠬᠤᠰᠢᠭᠤᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠬᠤᠷᠠᠯ ᠳᠤ | ᠣᠷᠣᠯᠴᠠᠪᠠ᠃ | | | ᠵᠣᠬᠢᠶᠠᠭᠴᠢ᠄ ᠴᠢᠮᠡᠭᠡᠯᠡᠭᠴᠢ᠄ ᠴᠢ ᠷᠦᠢ ᠶᠢᠨ᠂ ᠸᠠᠩ ᡁᠢ ᠸᠧᠨ | ᠤᠷᠴᠢᠭᠤᠯᠤᠭᠴᠢ᠄ ᠰᠤᠷᠤᠨ᠎ᠠ | ᠬᠢᠨᠠᠭᠴᠢ᠄ ᠡᠷᠳᠡᠨᠢᠴᠢᠮᠡᠭ | | |