4 ᠰᠠᠷ᠎ᠠ ᠶᠢᠨ 3 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠼᠦᠢ ᠶᠦᠩ ᠣᠶ ᠰᠢᠭᠤᠶ | ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠢ ᠪᠠᠶᠢᠴᠠᠭᠠᠨ ᠰᠤᠳᠤᠯᠵᠤ ᠱᠠᠯᠠᠪᠳᠠᠭᠤᠯᠤᠨ ᠵᠢᠯᠣᠭᠤᠳᠬᠤ ᠶᠢᠨ | ᠬᠠᠮᠲᠤ ᠣᠶ ᠰᠢᠭᠤᠶ ᠶᠢ ᠲᠣᠭᠤᠷᠢᠨ ᠪᠠᠶᠢᠴᠠᠭᠠᠵᠤ ᠭᠤᠤᠯ ᠴᠠᠭᠳᠠᠬᠤ ᠠᠵᠢᠯ ᠢ ᠥᠷᠨᠢᠭᠦᠯᠪᠡ᠃ | ᠬᠤᠰᠢᠭᠤᠨ ᠤ ᠴᠠᠭ ᠠᠭᠤᠷ ᠤᠨ ᠲᠣᠪᠴᠢᠶ᠎ᠠ ᠳᠤ᠂ ᠼᠦᠢ ᠶᠦᠩ ᠮᠠᠨ ᠤ ᠬᠤᠰᠢᠭᠤᠨ ᠤ ᠴᠠᠭ ᠠᠭᠤᠷ ᠤᠨ | ᠬᠤᠪᠢᠷᠠᠯᠲᠠ ᠶᠢᠨ ᠬᠠᠨᠳᠤᠰᠢ᠂ ᠬᠥᠷᠥᠰᠥᠨ ᠤ ᠴᠢᠭᠢᠭ ᠤᠨ ᠪᠠᠶᠢᠳᠠᠯ ᠢ ᠬᠢᠨᠠᠨ ᠬᠡᠮᠵᠢᠬᠦ᠂ ᠴᠠᠭ ᠠᠭᠤᠷ ᠤᠨ | ᠦᠢᠯᠡᠴᠢᠯᠡᠭᠡ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠴᠠᠭ ᠠᠭᠤᠷ ᠤᠨ ᠰᠠᠯᠠᠭ᠎ᠠ ᠮᠥᠴᠢᠷ ᠤᠨ ᠬᠢᠨ | ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠨᠢᠭᠡᠳᠦᠭᠡᠷ ᠰᠡᠷᠭᠡᠶᠢᠯᠡᠯᠲᠡ ᠶᠢᠨ ᠱᠤᠭᠤᠮ ᠤᠨ ᠦᠢᠯᠡᠳᠦᠯ ᠢ | ᠭᠦᠢᠴᠡᠳ ᠪᠠᠳᠠᠷᠠᠭᠤᠯᠵᠤ᠂ ᠪᠠᠴᠢᠮ ᠪᠠᠶᠢᠳᠠᠯ ᠢ ᠠᠷᠭᠠᠴᠠᠭᠠᠬᠤ᠂ ᠤᠢ ᠰᠢᠭᠤᠢ ᠡᠪᠡᠰᠦ ᠪᠡᠯᠴᠢᠭᠡᠷ᠂ ᠤᠰᠤᠨ | ᠠᠰᠢᠭᠯᠠᠯᠲᠠ ᠵᠡᠷᠭᠡ ᠰᠠᠯᠠᠭ᠎ᠠ ᠮᠥᠴᠢᠷ ᠲᠠᠢ ᠬᠠᠮᠵᠢᠯᠴᠠᠨ ᠬᠠᠮᠲᠤᠷᠠᠯᠴᠠᠬᠤ ᠶᠢ ᠴᠢᠩᠭᠠᠳᠬᠠᠵᠤ᠂ ᠬᠢᠨᠠᠨ ᠬᠡᠮᠵᠢᠵᠦ | ᠤᠷᠢᠳᠴᠢᠯᠠᠨ ᠮᠡᠳᠡᠭᠡᠯᠡᠵᠦ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠬᠤ ᠬᠡᠷᠡᠭᠲᠡᠢ᠃ | ᠱᠢ ᠮᠧᠨ ᠺᠧᠦ ᠤᠰᠤᠨ ᠴᠥᠭᠦᠷᠥᠮ᠂ ᠤᠪᠤᠭᠠᠳᠣ ᠠᠮᠢ ᠠᠬᠤᠶ ᠶᠢᠨ ᠰᠠᠪᠠ ᠭᠠᠵᠠᠷ ᠲᠤ᠂ ᠼᠦᠢ ᠶᠦᠩ | ᠭᠤᠤᠯ ᠤᠨ ᠵᠠᠮ ᠤᠨ ᠣᠷᠴᠢᠨ ᠲᠣᠭᠤᠷᠢᠨ ᠢ ᠵᠠᠰᠠᠵᠤ ᠬᠠᠮᠢᠶᠠᠷᠴᠤ ᠬᠠᠮᠠᠭᠠᠯᠠᠬᠤ ᠵᠢᠴᠢ ᠣᠶ ᠰᠢᠭᠤᠶ ᠨᠤᠲᠤᠭ | ᠪᠡᠯᠴᠢᠭᠡᠷ ᠤᠨ ᠭᠠᠯ ᠰᠡᠷᠭᠡᠶᠢᠯᠡᠬᠦ ᠵᠢᠵᠢᠭᠦᠷᠯᠡᠨ ᠰᠠᠬᠢᠬᠤ᠂ ᠪᠡᠯᠡᠳᠬᠡᠮᠵᠢ ᠲᠥᠬᠦᠭᠡᠷᠦᠮᠵᠢ ᠶᠢ ᠨᠥᠭᠡᠴᠡᠯᠡᠬᠦ᠂ | ᠰᠢᠭᠤᠶᠢᠲᠤ ᠣᠷᠣᠨ ᠤ ᠠᠷᠠᠴᠢᠯᠠᠨ ᠬᠠᠮᠠᠭᠠᠯᠠᠵᠤ ᠬᠠᠮᠢᠶᠠᠷᠬᠤ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠼᠦᠢ ᠶᠦᠩ | ᠴᠢᠬᠤᠯᠠᠴᠢᠯᠠᠭᠰᠠᠨ ᠨᠢ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠡᠷᠡᠰ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ᠂ ᠤᠢ | ᠰᠢᠭᠤᠢ ᠶᠢᠨ ᠳᠠᠷᠤᠭ᠎ᠠ ᠶᠢᠨ ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠤᠢ ᠰᠢᠭᠤᠢ ᠡᠪᠡᠰᠦ ᠪᠡᠯᠴᠢᠭᠡᠷ ᠢ | ᠡᠪᠳᠡᠬᠦ ᠵᠡᠷᠭᠡ ᠡᠯ᠎ᠡ ᠲᠦᠷᠦᠯ ᠤᠨ ᠬᠠᠤᠯᠢ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠳᠤ ᠴᠢᠩᠭ᠎ᠠ ᠴᠣᠬᠢᠯᠲᠠ | ᠥᠭᠴᠦ᠂ ᠪᠣᠳᠠᠲᠤ ᠦᠷ᠎ᠡ ᠪᠦᠲᠦᠮᠵᠢ ᠪᠠᠷ ᠢᠶᠠᠨ ᠬᠥᠬᠡᠮᠳᠦᠭ ᠨᠣᠭᠤᠭᠠᠨ ᠠᠭᠤᠯᠠ ᠤᠰᠤ ᠶᠢ ᠰᠠᠶᠢᠲᠤᠷ ᠰᠠᠬᠢᠨ | ᠬᠠᠮᠠᠭᠠᠯᠠᠬᠤ ᠬᠡᠷᠡᠭᠲᠡᠢ᠃ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ᠂ ᠪᠡᠯᠴᠢᠭᠡᠷᠯᠡᠭᠦᠯᠬᠦ ᠶᠢ | ᠴᠠᠭᠠᠵᠠᠯᠠᠬᠤ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠭᠤᠤᠯᠳᠠᠯᠭ᠎ᠠ ᠲᠠᠢ ᠣᠷᠣᠨ ᠪᠠᠶᠢᠷᠢ᠂ ᠵᠠᠩᠭᠢᠯᠠᠭ᠎ᠠ ᠶᠢᠨ | ᠣᠷᠣᠨ ᠪᠦᠰᠡ ᠪᠣᠯᠤᠨ ᠴᠢᠬᠤᠯᠠ ᠴᠠᠭ ᠬᠤᠭᠤᠴᠠᠭ᠎ᠠ ᠶᠢ ᠴᠢᠩᠭ᠎ᠠ ᠠᠵᠢᠭᠯᠠᠵᠤ᠂ ᠭᠠᠯ ᠤᠨ ᠢᠷᠡᠯᠲᠡ ᠶᠢ | ᠬᠠᠮᠢᠶᠠᠷᠤᠨ ᠡᠵᠡᠮᠳᠡᠬᠦ ᠶᠢ ᠴᠢᠩᠳᠠᠯᠠᠵᠤ᠂ ᠭᠠᠯ ᠤᠨ ᠭᠠᠮᠰᠢᠭ ᠤᠨ ᠳᠠᠯᠳᠠ ᠬᠡᠮ ᠢ ᠴᠤᠬᠤᠶᠢᠵᠤ ᠪᠠᠶᠢᠭ᠎ᠠ | ᠪᠠᠶᠢᠳᠠᠯ ᠳᠤᠨᠢ ᠦᠨᠡᠨ ᠬᠦ ᠤᠰᠠᠳᠬᠠᠬᠤ ᠬᠡᠷᠡᠭᠲᠡᠶ᠃ ᠡᠯ᠎ᠡ ᠰᠤᠮᠤ ᠰᠢᠶᠠᠩ ᠪᠠᠯᠭᠠᠰᠤ ᠲᠠᠷᠢᠶᠠᠨ ᠭᠠᠵᠠᠷ ᠤᠨ | ᠰᠦᠯᠢᠶᠣᠣ ᠪᠦᠷᠬᠦᠪᠴᠢ ᠶᠢ ᠢᠯᠭᠠᠷᠠᠭᠤᠯᠤᠨ ᠳᠢᠭᠯᠡᠬᠦ ᠠᠵᠢᠯ ᠢ ᠬᠢᠨᠠᠮᠠᠭᠠᠶ ᠰᠠᠶᠢᠲᠤᠷ ᠬᠢᠬᠦ ᠬᠡᠷᠡᠭᠲᠡᠶ᠃ | ᠬᠥᠳᠡᠯᠮᠦᠷᠢ ᠶᠢᠨ ᠵᠢᠱᠢᠶᠡᠴᠢ ᠶᠢᠨ ᠵᠣᠷᠢᠭ ᠰᠠᠨᠠᠭ᠎ᠠ᠂ ᠬᠥᠳᠡᠯᠮᠦᠷᠢ ᠶᠢᠨ ᠵᠣᠷᠢᠭ ᠰᠠᠨᠠᠭ᠎ᠠ᠂ ᠤᠷᠠᠨ ᠳᠠᠷᠬᠠᠨ ᠤ ᠵᠣᠷᠢᠭ | ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠡᠯ᠎ᠡ ᠬᠦᠷᠢᠶᠡᠨ ᠤ ᠰᠢᠯᠢᠳᠡᠭ ᠨᠡᠶᠢᠲᠡᠯᠢᠭ ᠬᠥᠮᠦᠰ ᠤᠨ ᠦᠢᠯᠡ ᠠᠵᠢᠯᠯᠠᠭ᠎ᠠ ᠶᠢ | ᠠᠭᠤᠳᠠᠯᠤᠨ ᠤᠬᠠᠭᠤᠯᠬᠤ ᠶᠢ ᠴᠢᠬᠤᠯᠠᠴᠢᠯᠠᠵᠤ᠂ ᠥᠷᠭᠡᠨ ᠣᠯᠠᠨ ᠺᠠᠳ᠋ᠷ ᠣᠯᠠᠨ ᠲᠦᠮᠡᠨ ᠢ ᠵᠢᠱᠢᠶ᠎ᠡ ᠦᠵᠡᠭᠦᠯᠦᠨ | ᠳᠠᠶᠢᠴᠢᠯᠠᠨ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠦᠢᠯᠡᠳᠤᠯᠭᠡ ᠳᠤ ᠢᠳᠡᠪᠬᠢᠲᠡᠶ | ᠣᠷᠣᠯᠴᠠᠭᠤᠯᠬᠤ ᠬᠡᠷᠡᠭᠲᠡᠶ᠃ | ᠯᠢᠦ ᠸᠧᠨ ᠾᠦᠢ ᠣᠷᠣᠯᠴᠠᠪᠠ᠃ | | | ᠵᠣᠬᠢᠶᠠᠭᠴᠢ᠄ ᠰᠤᠷᠪᠤᠯᠵᠢᠯᠠᠭᠴᠢ᠄ ᠰᠦᠨ ᠯᠢ ᠨᠠ | ᠤᠷᠴᠢᠭᠤᠯᠤᠭᠴᠢ᠄ ᠰᠤᠷᠤᠨ᠎ᠠ | ᠬᠢᠨᠠᠭᠴᠢ᠄ ᠡᠷᠳᠡᠨᠢᠴᠢᠮᠡᠭ | | |