4 ᠰᠠᠷ᠎ᠠ ᠶᠢᠨ 3 ᠤ ᠡᠳᠦᠷ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠤᠰᠤᠨ ᠠᠰᠢᠭᠯᠠᠯᠲᠠ ᠶᠢᠨ | ᠲᠣᠪᠴᠢᠶ᠎ᠠ᠂ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ ᠡᠪᠯᠡᠯ ᠤᠨ ᠬᠤᠰᠢᠭᠤᠨ ᠤ ᠨᠠᠮ ᠤᠨ | ᠬᠤᠷᠢᠶ᠎ᠠ ᠠᠴᠠ ᠬᠠᠮᠲᠤᠷᠠᠨ ᠡᠷᠭᠢᠯᠡᠭᠰᠡᠨ ︽ᠥᠪᠡᠷᠲᠡᠭᠡᠨ ᠵᠠᠰᠠᠬᠤ ᠣᠷᠣᠨ ᠤ ᠤᠰᠤ ᠠᠷᠪᠢᠯᠠᠬᠤ ᠠᠵᠢᠯᠯᠠᠭ᠎ᠠ ᠶᠢ | ᠲᠤᠭᠤᠰᠢᠯᠠᠭᠤᠯᠵᠤ᠂ ᠤᠰᠤ ᠠᠷᠪᠢᠯᠠᠬᠤ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠶᠢ ᠠᠬᠢᠭᠤᠯᠬᠤ︾ | ᠭᠤᠤᠯ ᠰᠡᠳᠦᠪᠲᠦ ᠶᠠᠷᠢᠶ᠎ᠠ ᠢᠯᠡᠳᠬᠡᠯ ᠤᠨ ᠤᠷᠤᠯᠳᠤᠭᠠᠨ ᠲᠠᠯ᠎ᠠ ᠨᠤᠲᠤᠭ ᠤᠨ ᠭᠡᠷᠡᠯᠲᠦ ᠰᠤᠪᠤᠳ ᠪᠠᠭᠤᠳᠠᠯ ᠤᠨ | ᠬᠤᠷᠠᠯ ᠤᠨ ᠬᠡᠷ ᠲᠤ ᠠᠮᠵᠢᠯᠲᠠ ᠲᠠᠢ ᠡᠷᠭᠢᠯᠡᠪᠡ᠃ | | ᠲᠣᠰ ᠤᠳᠠᠭᠠᠨ ᠤ ᠤᠷᠤᠯᠳᠤᠭᠠᠨ ᠳᠤ ᠪᠥᠬᠦ ᠬᠤᠰᠢᠭᠤᠨ ᠤ ᠲᠤᠯᠤᠭᠠᠨ ᠰᠤᠷᠭᠠᠭᠤᠯᠢ ᠶᠢᠨ ᠰᠤᠷᠤᠭᠴᠢᠳ | ᠢᠳᠡᠪᠬᠢᠲᠡᠶ ᠣᠷᠣᠯᠴᠠᠪᠠ᠃ ᠠᠩᠬᠠᠨ ᠤ ᠤᠷᠤᠯᠳᠤᠭᠠᠨ ᠤ ᠰᠢᠷᠦᠭᠦᠨ ᠮᠥᠷᠦ᠋ᠢᠴᠡᠭᠡᠨ ᠢᠶᠠᠷ ᠳᠠᠮᠵᠢᠨ᠂ 25 | ᠵᠠᠯᠠᠭᠤᠴᠤᠳ ᠴᠣᠯᠭᠤᠷᠠᠨ ᠭᠠᠷᠴᠤ᠂ ᠰᠢᠢᠳᠪᠤᠷᠢᠳᠤ ᠤᠷᠤᠯᠳᠤᠭᠠᠨ ᠳᠤ ᠠᠮᠵᠢᠯᠲᠠ ᠲᠠᠢ ᠣᠷᠣᠪᠠ᠃ ᠰᠢᠢᠳᠪᠦᠷᠢᠲᠦ | ᠤᠷᠤᠯᠳᠤᠭᠠᠨ ᠤ ᠲᠤᠬᠠᠢ ᠶᠢᠨ ᠲᠠᠯᠠᠪᠠᠢ ᠳᠤ᠂ ᠲᠠᠮᠢᠷᠴᠢᠳ ᠤᠰᠤ ᠠᠷᠪᠢᠯᠠᠬᠤ ᠭᠤᠣᠯ ᠰᠡᠳᠦᠪ ᠤᠨ ᠲᠣᠭᠤᠷᠢᠨ ᠳᠤ᠂ | ᠡᠳᠦᠷ ᠲᠤᠳᠤᠮ ᠤᠨ ᠠᠮᠢᠳᠤᠷᠠᠯ ᠤᠨ ᠪᠣᠳᠠᠲᠤ ᠵᠢᠱᠢᠶ᠎ᠡ ᠲᠠᠢ ᠤᠶᠠᠯᠳᠤᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ | ᠤᠰᠤ ᠠᠷᠪᠢᠯᠠᠬᠤ᠂ ᠤᠰᠤ ᠶᠢ ᠣᠷᠴᠢᠯᠳᠤᠭᠤᠯᠤᠨ ᠬᠡᠷᠡᠭᠯᠡᠬᠦ ᠵᠡᠷᠭᠡ ᠤᠯᠠᠨ ᠲᠠᠯ᠎ᠠ ᠠᠴᠠ ᠦᠭᠡ ᠶᠠᠷᠢᠶ᠎ᠠ ᠲᠠᠯᠪᠢᠵᠠᠢ᠃ | ᠲᠡᠳᠡ ᠨᠥᠯᠥᠭᠡᠯᠡᠬᠦ ᠬᠦᠴᠦᠨ ᠲᠠᠢ ᠦᠭᠡ ᠪᠠᠷ ᠤᠰᠤ ᠠᠷᠪᠢᠯᠠᠬᠤ ᠣᠶᠢᠯᠠᠭᠠᠭᠳᠠᠬᠤᠨ ᠢ ᠳᠠᠮᠵᠢᠭᠤᠯᠵᠤ᠂ ᠰᠢᠨ᠎ᠡ | ᠴᠠᠭ ᠦᠶ᠎ᠡ ᠶᠢᠨ ᠵᠠᠯᠠᠭᠤᠴᠤᠳ ᠪᠠᠭᠠᠴᠤᠳ ᠤᠨ ᠤᠰᠤ ᠠᠷᠪᠢᠯᠠᠬᠤ ᠠᠵᠢᠯᠯᠠᠭ᠎ᠠ ᠶᠢᠨ ᠲᠤᠬᠠᠢ ᠭᠦᠨᠵᠡᠭᠡᠢ | ᠪᠣᠳᠣᠯᠬᠢᠯᠠᠯ ᠢ ᠢᠯᠡᠷᠡᠭᠦᠯᠪᠡ᠃ | | ᠡᠴᠦᠰ ᠲᠤ᠂ ᠤᠷᠤᠯᠳᠤᠭᠠᠨ ᠳᠤ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠳᠡᠰ ᠤᠨ ᠱᠠᠩᠨᠠᠯ ᠵᠢᠴᠢ | ᠰᠢᠯᠢᠳᠡᠭ ᠱᠠᠩᠨᠠᠯ ᠢ ᠰᠢᠯᠭᠠᠷᠠᠭᠤᠯᠪᠠ᠃ ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ ᠪᠠᠰᠠ 500 ᠭᠠᠷᠤᠶ ᠬᠤᠪᠢ | ᠤᠰᠤ ᠠᠷᠪᠢᠯᠠᠬᠤ ᠤᠬᠠᠭᠤᠯᠭ᠎ᠠ ᠶᠢᠨ ᠮᠠᠲ᠋ᠧᠷᠢᠶᠠᠯ ᠵᠢᠴᠢ ᠮᠠᠲ᠋ᠧᠷᠢᠶᠠᠯ ᠢ ᠲᠠᠷᠬᠠᠭᠠᠵᠤ᠂ ᠤᠰᠤ ᠠᠷᠪᠢᠯᠠᠬᠤ | ᠮᠡᠳᠡᠯᠭᠡ ᠶᠢ ᠤᠯᠠᠮ ᠨᠢᠭᠡ ᠠᠯᠬᠤᠮ ᠲᠦᠭᠡᠮᠡᠯᠵᠢᠭᠦᠯᠪᠡ᠃ | ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶᠠᠨ ᠤ ᠳᠡᠳ᠋ ᠳᠠᠷᠤᠭ᠎ᠠ | ᠵᠤᠤ ᠳ᠋ᠦᠩ ᠾᠦᠢ ᠰᠤᠷᠪᠤᠯᠵᠢᠯᠠᠬᠤ ᠳᠠᠭᠠᠨ᠄ ︽ᠵᠠᠯᠠᠭᠤᠴᠤᠳ ᠪᠠᠭᠠᠴᠤᠳ ᠪᠣᠯ ᠠᠮᠢ ᠠᠬᠤᠢ ᠶᠢᠨ ᠪᠣᠯᠪᠠᠰᠤᠨ ᠤ | ᠪᠠᠶᠢᠭᠤᠯᠤᠯᠲᠠ ᠶᠢᠨ ᠰᠢᠨ᠎ᠡ ᠬᠦᠴᠦᠨ ᠮᠥᠨ᠂ ᠨᠥᠯᠥᠭᠡᠯᠡᠬᠦ ᠬᠦᠴᠦᠨ ᠲᠠᠢ ᠶᠠᠷᠢᠶ᠎ᠠ ᠢᠯᠡᠳᠬᠡᠯ ᠤᠨ ᠬᠡᠯᠪᠡᠷᠢ ᠪᠠᠷ | ᠵᠠᠯᠠᠭᠤᠴᠤᠳ ᠪᠠᠭᠠᠴᠤᠳ ᠢ ᠤᠰᠤ ᠠᠷᠪᠢᠯᠠᠬᠤ ᠮᠡᠳᠡᠯᠭᠡ ᠶᠢᠨ ᠬᠦᠯᠢᠶᠡᠨ ᠠᠪᠤᠭᠴᠢ ᠪᠣᠯᠭᠠᠬᠤ ᠪᠠᠷ ᠪᠠᠷᠠᠬᠤ ᠦᠭᠡᠢ᠂ | ᠨᠡᠩ ᠴᠤ ᠤᠰᠤ ᠠᠷᠪᠢᠯᠠᠬᠤ ᠣᠶᠢᠯᠠᠭᠠᠭᠳᠠᠬᠤᠨ ᠤ ᠤᠯᠠᠮᠵᠢᠯᠠᠭᠴᠢ ᠪᠣᠯᠭᠠᠵᠤ᠂ ᠤᠰᠤ ᠠᠷᠪᠢᠯᠠᠬᠤ | ᠣᠶᠢᠯᠠᠭᠠᠭᠳᠠᠬᠤᠨ ᠢ ᠭᠡᠷ ᠪᠦᠯᠢ ᠳᠤ ᠬᠦᠷᠭᠡᠵᠦ᠂ ᠡᠭᠦᠨ ᠤ ᠤᠯᠠᠮ ᠠᠴᠠ ᠪᠦᠬᠦ ᠨᠡᠶᠢᠭᠡᠮ ᠢ ᠨᠥᠯᠥᠭᠡᠯᠡᠵᠦ᠂ ︿ | ᠪᠢᠴᠢᠬᠠᠨ ᠭᠠᠷ ᠢᠶᠠᠷ ᠢᠶᠠᠨ ᠭᠠᠷ ᠢᠶᠠᠨ ᠬᠤᠯᠪᠣᠯᠳᠤᠭᠤᠯᠬᠤ﹀ ᠠᠷᠭ᠎ᠠ ᠬᠡᠯᠪᠡᠷᠢ ᠪᠠᠷ ᠳᠤᠰᠤᠯ ᠤᠰᠤ ᠨᠢᠭᠡᠪᠦᠷᠢ ᠶᠢ | ᠴᠥᠮ ᠠᠮᠢ ᠠᠬᠤᠢ ᠶᠢᠨ ᠪᠣᠯᠪᠠᠰᠤᠨ ᠤ ᠴᠠᠭ ᠦᠶ᠎ᠡ ᠶᠢᠨ ᠭᠡᠷᠡᠯ ᠭᠢᠯᠪᠠᠭ᠎ᠠ ᠪᠠᠨ ᠰᠠᠴᠤᠷᠠᠭᠤᠯᠵᠤ᠂ ᠤᠰᠤ ᠠᠷᠪᠢᠯᠠᠬᠤ | ᠣᠶᠢᠯᠠᠭᠠᠭᠳᠠᠬᠤᠨ ᠢ ᠪᠦᠬᠦ ᠨᠡᠶᠢᠭᠡᠮ ᠳᠤ ᠦᠷᠭᠦᠯᠵᠢᠯᠡᠭᠦᠯᠪᠡ︾᠃ | ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠤᠶᠠᠳᠤᠭᠠᠷ ᠪᠠᠭ᠎ᠠ ᠰᠤᠷᠭᠠᠭᠤᠯᠢ ᠶᠢᠨ ᠲᠠᠪᠤᠳᠤᠭᠠᠷ | ᠣᠨ ᠤ ᠰᠤᠷᠤᠭᠴᠢ ᠯᠢᠶᠠᠩ ᠢ ᠤᠷᠤᠯᠳᠤᠭᠠᠨ ᠳᠤ ᠣᠷᠣᠯᠴᠠᠭᠰᠠᠨ ᠲᠠᠮᠢᠷᠴᠢᠨ ᠪᠣᠯᠤᠭᠰᠠᠨ ᠤ ᠬᠤᠪᠢ ᠳᠤ᠂ ᠱᠠᠩᠨᠠᠯ | ᠣᠯᠤᠭᠰᠠᠨ ᠤ ᠳᠠᠷᠠᠭ᠎ᠠ ᠰᠡᠳᠬᠢᠯ ᠳᠣᠭᠳᠣᠯᠤᠨ᠄ ︽ᠡᠨᠡ ᠤᠳᠠᠭᠠᠨ ᠤ ᠤᠷᠤᠯᠳᠤᠭᠠᠨ ᠨᠢ ᠨᠠᠳᠠ ᠳᠤ ᠳᠤᠰᠤᠯ | ᠤᠰᠤᠨ ᠤ ᠡᠷᠬᠢᠮ ᠨᠠᠨᠳᠢᠨ ᠢ ᠨᠠᠩ ᠢᠯᠡᠭᠦᠤ ᠣᠶᠢᠯᠠᠭᠠᠭᠤᠯᠤᠨ᠎ᠠ︕︾ ᠲᠡᠷᠡ᠂ ᠵᠠᠯᠭᠠᠭᠠᠳ ᠶᠠᠷᠢᠶ᠎ᠠ ᠢᠯᠡᠳᠬᠡᠯ ᠤᠨ | ᠳᠤᠮᠳᠠᠬᠢ ᠤᠰᠤ ᠠᠷᠪᠢᠯᠠᠬᠤ ᠰᠠᠶᠢᠨ ᠠᠷᠭ᠎ᠠ ᠶᠢ ᠡᠳᠦᠷ ᠳᠤᠳᠤᠮ ᠤᠨ ᠠᠵᠢᠯᠯᠠᠭ᠎ᠠ ᠪᠣᠯᠭᠠᠨ ᠬᠤᠪᠢᠷᠠᠭᠤᠯᠵᠤ᠂ | ᠰᠤᠷᠭᠠᠭᠤᠯᠢ ᠶᠢᠨ ᠬᠦᠷᠢᠶᠡᠨ ᠤ ︽ᠤᠰᠤ ᠠᠷᠪᠢᠯᠠᠬᠤ ᠪᠢᠴᠢᠬᠠᠨ ᠬᠠᠮᠠᠭᠠᠯᠠᠭᠴᠢ︾ ᠪᠣᠯᠬᠤ ᠪᠠᠷ ᠴᠢᠷᠮᠠᠶᠢᠨ᠎ᠠ ᠭᠡᠵᠦ | ᠢᠯᠡᠳᠬᠡᠪᠡ᠃ | | ᠣᠶᠢᠯᠠᠭᠠᠭᠰᠠᠨ ᠢᠶᠠᠷ᠂ ᠭᠤᠤᠯᠯᠠᠨ ᠡᠷᠬᠢᠯᠡᠭᠰᠡᠨ ᠲᠠᠯ᠎ᠠ ᠨᠢ ᠦᠷᠭᠦᠯᠵᠢᠯᠡᠨ ᠤᠰᠤ ᠠᠷᠪᠢᠯᠠᠬᠤ ᠡᠯᠴᠢᠨ ᠢ | ᠰᠢᠯᠭᠠᠷᠠᠭᠤᠯᠬᠤ᠂ ᠬᠡᠷ ᠪᠦᠯᠢ ᠶᠢᠨ ᠤᠰᠤ ᠠᠷᠪᠢᠯᠠᠬᠤ ᠦᠢᠯᠡᠳᠦᠯᠭᠡ ᠵᠡᠷᠭᠡ ᠠᠵᠢᠯᠯᠠᠭ᠎ᠠ ᠶᠢ ᠦᠷᠭᠦᠯᠵᠢᠯᠡᠨ | ᠥᠷᠨᠢᠭᠦᠯᠵᠦ᠂ ᠪᠥᠬᠦ ᠠᠷᠠᠳ ᠢᠶᠠᠷ ᠢᠶᠠᠨ ᠣᠷᠣᠯᠴᠠᠬᠤ᠂ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠤᠰᠤ | ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠠᠶᠢᠷᠢᠰᠢᠯ ᠢ ᠪᠣᠶ ᠪᠣᠯᠭᠠᠬᠤ ᠶᠢ ᠠᠬᠢᠭᠤᠯᠬᠤ ᠪᠣᠯᠤᠨ᠎ᠠ᠃ | | | | | | ᠵᠣᠬᠢᠶᠠᠭᠴᠢ᠄ ᠹᠧᠩ ᠯᠢ ᠶᠤᠸᠠᠨ | ᠴᠢᠮᠡᠭᠡᠯᠡᠭᠴᠢ᠄ ᠪᠦᠦ ᠯᠢ ᠭᠤᠤ | ᠤᠷᠴᠢᠭᠤᠯᠤᠭᠴᠢ᠄ ᠰᠤᠷᠤᠨ᠎ᠠ | ᠬᠢᠨᠠᠭᠴᠢ᠄ ᠰᠤᠷᠤᠨ᠎ᠠ | |