ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠬᠠᠪᠤᠷ ᠤᠨ ᠤᠯᠠᠷᠢᠯ ᠤᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠭᠠᠯ ᠤᠨᠲᠠᠷᠠᠭᠠᠬᠤ ᠰᠣᠷᠢᠯᠲᠠ ᠥᠷᠨᠢᠭᠦᠯᠪᠡ
ᠨᠡᠶᠢᠲᠡᠯᠡᠭᠰᠡᠨ ᠴᠠᠭ᠄
2025/4/7
   4 ᠰᠠᠷ᠎ᠠ ᠶᠢᠨ 3 ᠤ ᠡᠳᠦᠷ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠥᠷᠨᠢᠭᠦᠯᠪᠡ᠃ ᠬᠤᠰᠢᠭᠤᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠤᠨ ᠵᠢᠯᠣᠭᠤᠳᠬᠤ ᠭᠠᠵᠠᠷ ᠤᠨ ᠠᠯᠪᠠᠨ ᠬᠡᠷ ᠪᠣᠯᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠲᠦᠷᠦᠭᠦᠯᠡᠨ᠂ ᠬᠤᠰᠢᠭᠤᠨ ᠤ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ᠂ ᠭᠠᠯ ᠰᠡᠷᠭᠡᠶᠢᠯᠡᠨ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠳᠠᠷᠤᠭ᠎ᠠ ᠸᠠᠩ ᠶᠦᠩ ᠹᠧᠩ ᠰᠣᠷᠢᠯᠲᠠ ᠡᠬᠢᠯᠡᠭᠰᠡᠨ ᠢ ᠵᠠᠷᠯᠠᠪᠠ᠃    ᠰᠣᠷᠢᠯᠲᠠ ᠨᠢ ᠪᠠᠶᠠᠨᠴᠠᠭᠠᠨ ᠪᠠᠯᠭᠠᠰᠤᠨ ᠤ ᠣᠶᠢᠷᠠᠯᠴᠠᠭ᠎ᠠ ᠲᠦᠢᠮᠡᠷ ᠡᠭᠦᠰᠴᠡᠢ᠃ ᠲᠣᠭᠤᠷᠢᠨ ᠬᠠᠮᠠᠭᠠᠯᠠᠬᠤ ᠬᠥᠮᠦᠰ ᠣᠯᠵᠤ ᠮᠡᠳᠡᠭᠰᠡᠨ ᠤ ᠳᠠᠷᠠᠭ᠎ᠠ ᠳᠠᠷᠤᠶ ᠲᠦᠷᠭᠡᠨ ᠳᠡᠭᠡᠭᠰᠢ ᠮᠡᠳᠡᠭᠦᠯᠵᠦ᠂ ᠵᠢᠯᠣᠭᠤᠳᠬᠤ ᠭᠠᠵᠠᠷ ᠦᠳᠲᠡᠷ ᠲᠦᠷᠭᠡᠨ ᠴᠤᠤᠷᠢᠶᠠᠲᠤᠨ ᠳᠠᠭᠠᠵᠤ᠂ ᠡᠯ᠎ᠡ ᠲᠠᠯ᠎ᠠ ᠶᠢᠨ ᠭᠠᠯ ᠤᠨᠲᠠᠷᠠᠭᠠᠬᠤ ᠬᠦᠴᠦᠨ ᠢ ᠰᠢᠯᠵᠢᠭᠦᠯᠦᠨ ᠲᠤᠬᠠᠢ ᠶᠢᠨ ᠲᠠᠯᠠᠪᠠᠢ ᠳᠤ ᠣᠴᠢᠭᠤᠯᠪᠠ᠃ ᠭᠠᠯ ᠤᠨᠲᠠᠷᠠᠭᠠᠬᠤ ᠶᠠᠪᠤᠴᠠ ᠳᠤ ︽ᠰᠠᠯᠬᠢ ᠪᠠ ᠤᠰᠤ ᠶᠢ ᠤᠶᠠᠯᠳᠤᠭᠤᠯᠬᠤ᠂ ᠲᠤᠰᠠᠭᠠᠷᠯᠠᠵᠤ ᠬᠠᠰᠢᠬᠤ︾ ᠪᠠᠶᠢᠯᠳᠤᠬᠤ ᠠᠷᠭ᠎ᠠ ᠶᠢ ᠬᠡᠷᠡᠭᠯᠡᠨ᠂ ᠭᠠᠯ ᠤᠨᠲᠠᠷᠠᠭᠠᠬᠤ ᠤᠰᠤᠨ ᠲᠡᠷᠭᠡ᠂ ᠰᠠᠯᠬᠢᠨ ᠤ ᠬᠦᠴᠦ ᠪᠠᠷ ᠭᠠᠯ ᠤᠨᠲᠠᠷᠠᠭᠠᠬᠤ ᠮᠠᠰᠢᠨ ᠵᠡᠷᠭᠡ ᠲᠥᠬᠦᠭᠡᠷᠦᠮᠵᠢ ᠶᠢ ᠠᠰᠢᠭᠯᠠᠨ ᠠᠵᠢᠯ ᠥᠷᠨᠢᠭᠦᠯᠦᠨ᠎ᠡ᠃ ᠰᠣᠷᠢᠯᠲᠠ ᠳᠤ ᠣᠷᠣᠯᠴᠠᠭᠰᠠᠨ ᠡᠯ᠎ᠡ ᠨᠢᠭᠡᠴᠡ ᠰᠡᠳᠬᠢᠯ ᠰᠠᠨᠠᠭ᠎ᠠ ᠪᠠᠨ ᠣᠯᠣᠯᠴᠠᠵᠤ᠂ ᠭᠠᠯ ᠤᠨ ᠪᠠᠶᠢᠳᠠᠯ ᠢ ᠬᠢᠨᠠᠨ ᠬᠡᠮᠵᠢᠬᠦ᠂ ᠮᠡᠳᠡᠭᠡ ᠵᠠᠩᠭᠢ ᠳᠠᠮᠵᠢᠭᠤᠯᠬᠤ ᠠᠴᠠ ᠭᠠᠯ ᠤᠨᠲᠠᠷᠠᠭᠠᠬᠤ ᠡᠩᠨᠡᠭᠡ ᠴᠤᠭᠯᠠᠷᠠᠵᠤ᠂ ᠭᠠᠯ ᠤᠨᠲᠠᠷᠠᠭᠠᠬᠤ ᠶᠢ ᠬᠡᠷᠡᠭᠵᠢᠭᠦᠯᠬᠦ ᠬᠦᠷᠲᠡᠯ᠎ᠡ᠂ ᠪᠦᠬᠦ᠋ᠢᠯᠡ ᠶᠠᠪᠤᠴᠠ ᠨᠢ ᠡᠮᠬᠢ ᠴᠡᠭᠴᠡ ᠲᠠᠢ ᠪᠠᠶᠢᠵᠤ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠡᠩᠨᠡᠭᠡ ᠶᠢᠨ ᠲᠤᠰᠬᠠᠢ ᠮᠡᠷᠭᠡᠵᠢᠯ ᠤᠨ ᠴᠢᠳᠠᠪᠤᠷᠢ ᠪᠣᠯᠤᠨ ᠬᠠᠮᠵᠢᠯᠴᠠᠨ ᠪᠠᠶᠢᠯᠳᠤᠬᠤ ᠲᠦᠪᠰᠢᠨ ᠢ ᠭᠦᠢᠴᠡᠳ ᠢᠯᠡᠷᠡᠭᠦᠯᠪᠡ᠃     ᠲᠣᠰ ᠤᠳᠠᠭᠠᠨ ᠤ ᠰᠣᠷᠢᠯᠲᠠ ᠶᠢᠨ ᠦᠷ᠎ᠡ ᠪᠦᠲᠦᠮᠵᠢ ᠢᠯᠡᠳᠲᠡ ᠪᠣᠯᠵᠣ᠂ ᠭᠠᠯ ᠤᠨᠲᠠᠷᠠᠭᠠᠬᠤ ᠭᠡᠰᠢᠭᠦᠳ ᠤᠨ ᠠᠮᠤᠷ ᠲᠦᠪᠰᠢᠨ ᠢᠶᠠᠷ ᠭᠠᠯ ᠤᠨᠲᠠᠷᠠᠭᠠᠬᠤ ᠦᠵᠡᠯ ᠤᠬᠠᠮᠰᠠᠷ ᠢ ᠨᠡᠮᠡᠭᠳᠡᠭᠦᠯᠦᠭᠰᠡᠨ ᠢᠶᠠᠷ ᠪᠠᠷᠠᠬᠤ ᠥᠬᠡᠶ᠂ ᠡᠯ᠎ᠡ ᠰᠠᠯᠠᠭ᠎ᠠ ᠮᠥᠴᠢᠷ ᠤᠨ ᠬᠤᠭᠤᠷᠣᠨᠳᠣᠬᠢ ᠬᠠᠮᠵᠢᠯᠴᠠᠨ ᠬᠠᠮᠵᠢᠯᠴᠠᠬᠤ ᠴᠢᠳᠠᠪᠤᠷᠢ ᠶᠢ ᠰᠢᠯᠭᠠᠨ ᠪᠠᠶᠢᠴᠠᠭᠠᠵᠤ᠂ ᠬᠤᠶᠢᠰᠢᠳᠠ ᠶᠢᠨ ᠬᠦᠨᠳᠦ ᠶᠡᠭᠡ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠭᠠᠮᠰᠢᠭ ᠢ ᠠᠷᠭᠠᠴᠠᠬᠤ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠭᠦᠭᠰᠡᠨ ᠪᠠᠶᠢᠨ᠎ᠠ᠃    ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠳᠡᠳ᠋ ᠳᠠᠷᠤᠭ᠎ᠠ ᠪᠠᠶ ᠲᠤᠤ ᠢᠯᠡᠷᠬᠡᠶᠢᠯᠡᠬᠦ ᠳᠡᠭᠡᠨ᠂ ᠵᠠᠯᠭᠠᠭᠠᠳ ᠲᠣᠰ ᠤᠳᠠᠭᠠᠨ ᠤ ᠰᠣᠷᠢᠯᠲᠠ ᠪᠠᠷ ᠠᠵᠠ ᠲᠣᠬᠢᠶᠠᠯ ᠪᠣᠯᠭᠠᠵᠤ᠂ ᠭᠠᠯ ᠰᠡᠷᠭᠡᠶᠢᠯᠡᠬᠦ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠤᠨ᠂ ᠡᠩᠨᠡᠭᠡ ᠶᠢᠨ ᠪᠣᠯᠪᠠᠰᠤᠷᠠᠭᠤᠯᠤᠯ ᠢ ᠴᠢᠩᠭᠠᠳᠬᠠᠵᠤ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠬᠠᠤ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠮᠢ ᠠᠬᠤᠶ ᠬᠢᠭᠡᠳ ᠨᠡᠶᠢᠭᠡᠮ ᠤᠨ ᠲᠣᠭᠲᠠᠭᠤᠨ ᠢ ᠪᠥᠬᠦ ᠬᠦᠴᠦᠨ ᠢᠶᠠᠷ ᠢᠶᠠᠨ ᠬᠠᠮᠠᠭᠠᠯᠠᠨ᠎ᠠ ᠭᠡᠵᠡᠶ᠃                                            ᠵᠣᠬᠢᠶᠠᠭᠴᠢ᠄ ᠪᠦᠦ ᠯᠦᠩ                                              ᠴᠢᠮᠡᠭᠡᠯᠡᠭᠴᠢ᠄ ᠯᠢ ᠷᠦᠩ ᠰᠢᠨ                                           ᠤᠷᠴᠢᠭᠤᠯᠤᠭᠴᠢ᠄ ᠡᠷᠳᠡᠨᠢᠴᠢᠮᠡᠭ                                           ᠬᠢᠨᠠᠭᠴᠢ᠄ ᠰᠤᠷᠤᠨ᠎ᠠ
 
ᠢᠷᠡᠯᠲᠡ᠄ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号