ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ | ᠤᠯᠤᠰ ᠲᠥᠷᠥ ᠶᠢᠨ ᠵᠥᠪᠯᠡᠯᠭᠡᠨ ᠤ ᠰᠤᠷᠲᠠᠯ ᠤᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠶᠢᠨ | ᠲᠥᠯᠥᠭᠡ᠂ 4 ᠰᠠᠷ᠎ᠠ ᠶᠢᠨ 3 ᠤ ᠡᠳᠦᠷ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠤᠯᠤᠰ ᠲᠥᠷᠥ ᠶᠢᠨ | ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ᠂ ᠤᠯᠤᠰ ᠲᠥᠷᠥ ᠶᠢᠨ ᠵᠥᠪᠯᠡᠯᠭᠡᠨ ᠤ ᠪᠠᠶᠢᠭᠤᠯᠭ᠎ᠠ ᠶᠢᠨ | ᠨᠠᠮ ᠤᠨ ᠤᠳᠤᠷᠢᠳᠬᠤ ᠳᠤᠭᠤᠶᠢᠯᠠᠩ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ | ᠲᠤᠤᠱᠯᠠᠭᠤᠯᠬᠤ ᠰᠤᠷᠤᠯᠴᠠᠯᠭ᠎ᠠ ᠬᠥᠮᠦᠵᠢᠯ ᠤᠨ ᠨᠣᠮ ᠤᠩᠰᠢᠬᠤ ᠠᠩᠭᠢ ᠡᠷᠭᠢᠯᠡᠪᠡ᠃ ᠬᠤᠰᠢᠭᠤᠨ ᠤ ᠤᠯᠤᠰ | ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠵᠠᠩ ᠬᠠᠶ ᠬᠤᠩ | ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃ | ᠨᠣᠮ ᠤᠩᠰᠢᠬᠤ ᠠᠩᠬᠢ ᠶᠢ ᠺᠠᠳ᠋ᠷ ᠳᠠᠭᠠᠭᠤᠯᠤᠨ ᠰᠤᠷᠤᠯᠴᠠᠬᠤ᠂ ᠰᠤᠳᠤᠯᠤᠨ ᠶᠠᠷᠢᠯᠴᠠᠵᠤ ᠰᠣᠯᠢᠯᠴᠠᠬᠤ ᠪᠠ | ᠲᠥᠪᠯᠡᠷᠡᠭᠦᠯᠦᠨ ᠥᠪᠡᠰᠦᠪᠡᠨ ᠰᠤᠷᠤᠯᠴᠠᠬᠤ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ ᠶᠠᠪᠤᠭᠳᠠᠭᠤᠯᠪᠠ᠃ | ᠬᠤᠷᠠᠯ ᠳᠤ ᠣᠷᠣᠯᠴᠠᠭᠰᠠᠳ ︽ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ | ᠲᠤᠬᠠᠶ ᠥᠭᠦᠯᠡᠯᠲᠡ ᠶᠢᠨ ᠲᠡᠭᠦᠪᠦᠷᠢ︾᠂ ︽ᠲᠥᠪ ᠤᠨ ᠨᠠᠢᠮᠠᠨ ᠲᠣᠭᠲᠠᠭᠠᠯ︾ ᠵᠢᠴᠢ ︽ᠲᠥᠪ ᠤᠨ ᠨᠠᠢᠮᠠᠨ | ᠲᠣᠭᠲᠠᠭᠠᠯ ᠤᠨ ᠬᠡᠷᠡᠭᠵᠢᠭᠦᠯᠬᠦ ᠨᠠᠷᠢᠨ ᠳᠦᠷᠢᠮ︾ ᠢ ᠬᠠᠮᠲᠤ ᠪᠠᠷ ᠰᠤᠷᠤᠯᠴᠠᠭᠰᠠᠨ ᠪᠥᠭᠡᠳ ᠲᠣᠰ ᠪᠡᠶ᠎ᠡ ᠶᠢᠨ | ᠦᠵᠡᠯ ᠰᠠᠨᠠᠭ᠎ᠠ ᠪᠠ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠠᠵᠢᠯ ᠤᠨ ᠳᠤᠮᠳᠠ ᠪᠠᠨ | ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠬᠡᠷᠬᠢᠨ ᠨᠠᠩ ᠰᠠᠶᠢᠲᠤᠷ ᠲᠤᠭᠤᠰᠢᠯᠠᠭᠤᠯᠬᠤ ᠲᠤᠬᠠᠶ | ᠭᠦᠨᠵᠡᠭᠡᠶ ᠰᠣᠯᠢᠯᠴᠠᠪᠠ᠃ | ᠬᠤᠷᠠᠯ ᠠᠴᠠ᠂ ᠤᠯᠤᠰ ᠲᠦᠷᠦ ᠶᠢᠨ ᠵᠥᠪᠯᠡᠯᠭᠡᠨ ᠤ ᠪᠦᠬᠦ ᠺᠠᠳ᠋ᠷᠴᠤᠳ ᠤᠯᠤᠰ ᠲᠦᠷᠦ ᠶᠢᠨ ᠵᠣᠭᠰᠣᠴᠠ ᠪᠠᠨ | ᠳᠡᠭᠡᠭᠰᠢᠯᠡᠭᠦᠯᠵᠦ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠤᠯᠤᠰ ᠲᠦᠷᠦ ᠶᠢᠨ ᠵᠥᠪᠯᠡᠯᠭᠡᠨ ᠤ | ᠡᠭᠦᠷᠭᠡ ᠲᠤᠰᠢᠶᠠᠯ ᠢᠶᠠᠨ ᠭᠦᠢᠴᠡᠳᠬᠡᠬᠦ ᠪᠦᠬᠦ ᠶᠠᠪᠤᠴᠠ ᠳᠤ ᠲᠤᠤᠱᠯᠠᠭᠤᠯᠵᠤ᠂ ᠬᠤᠷᠠᠯ ᠤᠨ ᠠᠵᠢᠯᠯᠠᠭ᠎ᠠ ᠶᠢ | ᠴᠣᠮᠬᠠᠳᠬᠠᠵᠤ᠂ ᠪᠠᠶᠢᠴᠠᠭᠠᠨ ᠰᠤᠳᠤᠯᠤᠯᠲᠠ ᠶᠢᠨ ᠠᠷᠭ᠎ᠠ ᠬᠡᠯᠪᠡᠷᠢ ᠪᠠᠨ ᠰᠠᠶᠢᠵᠢᠷᠠᠭᠤᠯᠵᠤ᠂ ᠠᠵᠢᠯ ᠤᠨ ᠦᠷ᠎ᠡ | ᠪᠦᠲᠦᠮᠵᠢ ᠪᠠᠨ ᠳᠡᠭᠡᠭᠰᠢᠯᠡᠭᠦᠯᠵᠦ᠂ ᠰᠠᠶᠢᠨ ᠰᠠᠶᠢᠬᠠᠨ ᠰᠤᠷᠲᠠᠯ ᠢᠶᠠᠷ ᠤᠯᠤᠰ ᠲᠦᠷᠦ ᠶᠢᠨ ᠵᠥᠪᠯᠡᠯᠭᠡᠨ ᠤ ᠠᠵᠢᠯ ᠤᠨ | ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠡᠭᠦᠨ ᠤ ᠬᠠᠮᠲᠤ᠂ ᠲᠣᠰ ᠤᠳᠠᠭᠠᠨ ᠤ ᠨᠣᠮ ᠤᠩᠰᠢᠬᠤ | ᠠᠩᠭᠢ ᠪᠠᠷ ᠠᠵᠠ ᠲᠣᠬᠢᠶᠠᠯ ᠪᠣᠯᠭᠠᠵᠤ᠂ ᠰᠠᠬᠢᠯᠭ᠎ᠠ ᠪᠠᠲᠤ ᠪᠠ ᠶᠣᠰᠣ ᠲᠦᠷᠢᠮ ᠤᠨ ᠤᠬᠠᠮᠰᠠᠷ ᠢᠶᠠᠨ ᠴᠢᠩᠭᠠᠳᠬᠠᠵᠤ᠂ | ᠲᠣᠰ ᠪᠡᠶ᠎ᠡ ᠶᠢᠨ ᠬᠡᠪ ᠴᠢᠨᠠᠷ ᠪᠠ ᠡᠭᠦᠷᠭᠡ ᠬᠠᠷᠢᠭᠤᠴᠠᠯᠭ᠎ᠠ ᠪᠠᠨ ᠬᠦᠢᠴᠡᠳᠬᠡᠬᠦ ᠴᠢᠳᠠᠪᠤᠷᠢ ᠪᠠᠨ ᠳᠡᠭᠡᠭᠰᠢᠯᠡᠭᠦᠯᠵᠦ᠂ | ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠤᠯᠤᠰ | ᠲᠥᠷᠥ ᠶᠢᠨ ᠵᠥᠪᠯᠡᠯᠭᠡᠨ ᠤ ᠣᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠪᠡ᠃ | | | | ᠤᠷᠴᠢᠭᠤᠯᠤᠭᠴᠢ᠄ ᠡᠷᠳᠡᠨᠢᠴᠢᠮᠡᠭ | ᠬᠢᠨᠠᠭᠴᠢ᠄ ᠰᠤᠷᠤᠨ᠎ᠠ |