4 ᠰᠠᠷ᠎ᠠ ᠶᠢᠨ 3 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ | ᠵᠠᠩ ᠵᠢᠶᠠᠨ ᠪᠢᠨ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ 12345 ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠤᠲᠠᠰᠤ ᠶᠢᠨ ᠠᠵᠢᠯ ᠤᠨ ᠬᠠᠭᠤᠳᠠᠰᠤ ᠶᠢ ᠭᠦᠢᠴᠡᠳᠬᠡᠬᠦ ᠠᠬᠢᠭᠤᠯᠬᠤ ᠬᠤᠷᠠᠯ ᠢ ᠡᠷᠭᠢᠯᠡᠨ | ᠬᠤᠷᠠᠯᠳᠤᠭᠤᠯᠪᠠ᠃ | ᠬᠤᠷᠠᠯ ᠠᠴᠠ ᠨᠢᠭᠡᠳᠦᠭᠡᠷ ᠤᠯᠠᠷᠢᠯ ᠤᠨ ᠪᠥᠬᠦ ᠬᠤᠰᠢᠭᠤᠨ ᠤ 12345 ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠬᠠᠯᠠᠮᠰᠢᠯ ᠤᠲᠠᠰᠤ ᠶᠢᠨ ᠠᠵᠢᠯ ᠤᠨ ᠬᠠᠭᠤᠳᠠᠰᠤ ᠶᠢ ᠰᠢᠢᠳᠪᠦᠷᠢᠯᠡᠵᠦ ᠳᠠᠭᠤᠰᠬᠠᠭᠰᠠᠨ ᠪᠠᠶᠢᠳᠠᠯ ᠢ | ᠮᠡᠳᠡᠭᠳᠡᠪᠡ᠃ ᠵᠤᠷᠪᠤᠰ ᠳᠠᠷᠠᠭᠠᠯᠠᠨ ᠬᠠᠯᠠᠮᠰᠢᠯ ᠤᠲᠠᠰᠤ ᠶᠢᠨ ᠠᠵᠢᠯ ᠤᠨ ᠬᠠᠭᠤᠳᠠᠰᠤ ᠶᠢᠨ ᠬᠤᠭᠤᠴᠠᠭ᠎ᠠ ᠠᠴᠠ | ᠬᠡᠲᠦᠷᠡᠭᠰᠡᠨ ᠪᠠᠶᠢᠲᠠᠯ᠎ᠠ ᠰᠢᠢᠳᠪᠦᠷᠢᠯᠡᠵᠦ ᠳᠠᠭᠤᠰᠬᠠᠭᠠᠳᠤᠶ ᠠᠰᠠᠭᠤᠳᠠᠯ ᠳᠤ ᠵᠠᠳᠠᠯᠤᠯᠲᠠ ᠲᠣᠬᠢᠷᠠᠭᠤᠯᠤᠯᠲᠠ ᠬᠢᠵᠦ᠂ | ᠠᠰᠠᠭᠤᠳᠠᠯ ᠢ ᠰᠢᠢᠳᠪᠦᠷᠢᠯᠡᠬᠦ ᠠᠷᠭ᠎ᠠ ᠶᠢ ᠨᠢᠭᠡᠳ ᠨᠢᠭᠡ ᠪᠠᠷ ᠵᠥᠪᠳᠡᠯᠴᠡᠬᠦ ᠶᠢᠨ ᠬᠠᠮᠲᠤ 12345 ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠤᠲᠠᠰᠤ ᠶᠢ ᠰᠢᠢᠳᠪᠦᠷᠢᠯᠡᠬᠦ ᠠᠵᠢᠯ ᠢ ᠪᠥᠬᠦ | ᠲᠠᠯ᠎ᠠ ᠪᠠᠷ ᠲᠣᠬᠢᠷᠠᠭᠤᠯᠤᠨ ᠪᠠᠶᠢᠷᠢᠯᠠᠭᠤᠯᠪᠠ᠃ | ᠵᠠᠩ ᠵᠢᠶᠠᠨ ᠪᠢᠨ᠂ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ | ᠬᠠᠯᠠᠮᠰᠢᠯ ᠤᠲᠠᠰᠤ ᠨᠢ ᠨᠢᠭᠡ ᠲᠠᠯ᠎ᠠ ᠪᠠᠷ ᠵᠠᠰᠠᠭ ᠤᠨ ᠣᠷᠳᠣᠨ᠂ ᠨᠥᠭᠦᠭᠡ ᠲᠠᠯ᠎ᠠ ᠪᠠᠷ ᠣᠯᠠᠨ ᠲᠦᠮᠡᠨ ᠲᠠᠢ | ᠬᠤᠯᠪᠣᠯᠳᠤᠵᠤ᠂ ᠵᠠᠰᠠᠭ ᠤᠨ ᠣᠷᠳᠣᠨ ᠤ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠰᠣᠨᠣᠰᠬᠤ᠂ ᠣᠯᠠᠨ | ᠲᠦᠮᠡᠨ ᠤ ᠬᠢᠨᠠᠯᠲᠠ ᠶᠢ ᠬᠦᠯᠢᠶᠡᠬᠦ ᠴᠢᠬᠤᠯᠠ ᠲᠠᠪᠴᠠᠩ ᠪᠣᠯᠤᠨ᠎ᠠ᠃ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ᠂ | ᠰᠢᠶᠠᠩ ᠪᠠᠯᠭᠠᠰᠤ 12345 ᠬᠠᠯᠠᠮᠰᠢᠯ ᠤᠲᠠᠰᠤ ᠶᠢᠨ ᠠᠵᠢᠯ ᠢ ︽ᠨᠢᠭᠡᠳᠦᠭᠡᠷ ᠭᠠᠷ︾ ᠤᠨ ᠢᠨᠵᠧᠨᠧᠷᠢᠩ ᠪᠣᠯᠭᠠᠨ | ᠠᠳᠬᠤᠵᠤ᠂ ︽ᠨᠢᠭᠡᠳᠦᠭᠡᠷ ᠬᠠᠷᠢᠭᠤᠴᠠᠯᠭᠠᠲᠠᠨ︾ ᠤ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ | ᠭᠦᠢᠴᠡᠳᠬᠡᠵᠦ᠂ ᠦᠨᠡᠨᠬᠦ ᠠᠰᠠᠭᠤᠵᠤ᠂ ᠦᠨᠡᠨᠬᠦ ᠬᠠᠮᠢᠶᠠᠷᠴᠤ᠂ ᠦᠨᠡᠨᠬᠦ ᠠᠳᠬᠤᠵᠤ᠂ ᠤᠯᠠᠨ ᠲᠦᠮᠡᠨ ᠤ ᠬᠦᠰᠡᠯ | ᠱᠠᠭᠠᠷᠳᠠᠯᠭ᠎ᠠ ᠶᠢ ᠰᠢᠢᠳᠪᠦᠷᠢᠯᠡᠵᠦ ᠰᠢᠢᠳᠪᠦᠷᠢᠯᠡᠬᠦ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ︽ᠨᠢᠭᠡ | ᠬᠥᠯᠭᠡ ᠰᠢᠳᠠᠷ᠎ᠠ︾ ᠶᠢᠨ ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂ ᠰᠠᠯᠠᠭ᠎ᠠ ᠮᠥᠴᠢᠷ ᠤᠨ ᠬᠤᠭᠤᠷᠣᠨᠳᠣᠬᠢ | ᠤᠯᠤᠯᠴᠠᠭ᠎ᠠ ᠵᠣᠬᠢᠴᠠᠭᠤᠯᠭ᠎ᠠ ᠪᠠᠨ ᠴᠢᠩᠭᠠᠳᠬᠠᠵᠤ᠂ ᠰᠠᠨᠠᠭᠠᠴᠢᠯᠠᠭ᠎ᠠ ᠠᠴᠠ ᠪᠠᠨ ᠡᠮᠦᠨ᠎ᠡ ᠨᠢ ᠦᠢᠯᠡᠴᠢᠯᠡᠵᠦ᠂ | ᠬᠠᠷᠢᠯᠴᠠᠨ ᠲᠦᠯᠬᠢᠯᠴᠡᠬᠦ᠂ ᠭᠦᠢᠴᠡᠳᠬᠡᠬᠦ ᠶᠢ ᠤᠳᠠᠭᠠᠰᠢᠷᠠᠭᠤᠯᠬᠤ ᠵᠡᠷᠭᠡ ᠦᠵᠡᠭᠳᠡᠯ ᠢ ᠡᠷᠡᠰ ᠬᠤᠷᠢᠭᠯᠠᠵᠤ᠂ | ᠠᠵᠢᠯ ᠤᠨ ᠠᠷᠭ᠎ᠠ ᠪᠠᠨ ᠲᠠᠰᠤᠷᠠᠯᠳᠠ ᠦᠭᠡᠢ ᠰᠠᠶᠢᠵᠢᠷᠠᠭᠤᠯᠵᠤ᠂ ᠤᠯᠠᠨ ᠲᠦᠮᠡᠨ ᠤ ᠪᠠᠴᠢᠮᠳᠠᠵᠤ ᠬᠦᠴᠢᠷᠳᠡᠵᠦ | ᠵᠣᠪᠠᠨᠢᠵᠤ ᠬᠦᠰᠡᠵᠦ ᠪᠠᠶᠢᠭ᠎ᠠ ᠠᠷᠠᠳ ᠤᠨ ᠠᠮᠢᠳᠤᠷᠠᠯ ᠤᠨ ᠶᠡᠭᠡ ᠶᠠᠪᠤᠳᠠᠯ ᠪᠣᠯᠤᠨ ᠡᠳᠦᠷ ᠢᠷᠡᠬᠦᠶ᠎ᠡ ᠲᠦᠷᠦᠭᠳᠡᠵᠦ | ᠪᠠᠶᠢᠭ᠎ᠠ ᠵᠠᠩᠭᠢᠯᠠᠭ᠎ᠠ ᠶᠢᠨ ᠪᠠᠭ᠎ᠠ ᠶᠠᠪᠤᠳᠠᠯ ᠢ ᠪᠦᠬᠦ ᠬᠦᠴᠦᠨ ᠢᠶᠠᠷ ᠢᠶᠠᠨ ᠰᠠᠶᠢᠲᠤᠷ ᠰᠢᠢᠳᠪᠦᠷᠢᠯᠡᠬᠦ ᠬᠡᠷᠡᠭᠲᠡᠢ᠃ | ᠬᠤᠰᠢᠭᠤᠨ ᠤ ᠬᠠᠯᠠᠮᠰᠢᠯ ᠤᠲᠠᠰᠤᠨ ᠤ ᠠᠵᠢᠯ ᠤᠨ ᠥᠷᠲᠡᠭᠡ ᠬᠤᠯᠪᠣᠭᠠᠯᠠᠨ ᠬᠥᠳᠡᠯᠦᠯᠴᠡᠵᠦ ᠵᠣᠯᠭᠠᠭᠤᠯᠬᠤ᠂ | ᠰᠢᠮᠳᠠᠭᠤᠯᠤᠨ ᠪᠠᠶᠢᠴᠠᠭᠠᠵᠤ ᠰᠢᠮᠳᠠᠭᠤᠯᠤᠨ ᠬᠦᠢᠴᠡᠳᠬᠡᠬᠦ ᠠᠵᠢᠯ ᠢ ᠰᠠᠶᠢᠲᠤᠷ ᠬᠢᠵᠦ᠂ ᠭᠤᠤᠯᠳᠠᠯᠭ᠎ᠠ ᠲᠠᠢ | ᠵᠤᠶᠢᠯᠡᠰ ᠤᠨ ᠡᠬᠡ ᠲᠠᠩᠰᠠ ᠶᠢ ᠪᠠᠶᠢᠭᠤᠯᠤᠨ᠂ ᠳᠡᠭᠡᠭᠰᠢ ᠨᠡᠪᠲᠡᠷᠡᠯᠴᠡᠨ ᠵᠣᠯᠭᠠᠭᠤᠯᠬᠤ ᠶᠢ ᠴᠢᠩᠭᠠᠳᠬᠠᠵᠤ᠂ ᠡᠯ᠎ᠡ | ᠵᠤᠶᠢᠯ ᠤᠨ ᠠᠵᠢᠯ ᠤᠨ ᠴᠢᠨᠠᠷ ᠰᠠᠶᠢᠲᠠᠶ ᠥᠨᠳᠥᠷ ᠪᠦᠲᠦᠮᠵᠢᠲᠡᠶ ᠥᠷᠨᠢᠬᠦ ᠶᠢ ᠠᠬᠢᠭᠤᠯᠵᠤ᠂ ᠬᠠᠯᠠᠮᠰᠢᠯ ᠤᠲᠠᠰᠤᠨ ᠤ | ᠤᠶᠢᠯᠡᠴᠢᠯᠡᠬᠡᠨ ᠤ ᠦᠷ᠎ᠡ ᠪᠦᠲᠦᠮᠵᠢ ᠶᠢ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠶ᠃ | ᠬᠤᠰᠢᠭᠤᠨ ᠤ ᠤᠳᠤᠷᠢᠳᠤᠯᠭ᠎ᠠ ᠸᠠᠩ ᠶᠦᠩ ᠹᠧᠩ᠂ ᠴᠠᠩ ᠶᠠ ᠨᠢᠩ᠂ ᠼᠦᠢ ᠯᠢ ᠹᠠᠩ᠂ ᠰᠦᠨ ᠶᠠᠨ ᠵᠢᠶᠧ᠂ | ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ᠂ ᠰᠤᠮᠤ ᠰᠢᠶᠠᠩ ᠪᠠᠯᠭᠠᠰᠤᠨ ᠤ ᠭᠤᠤᠯ | ᠬᠠᠷᠢᠭᠤᠴᠠᠯᠭᠠᠲᠠᠨ ᠣᠷᠣᠯᠴᠠᠵᠠᠶ᠃ | | | | ᠵᠣᠬᠢᠶᠠᠭᠴᠢ᠄ ᠴᠢ ᠷᠦᠢ ᠶᠢᠨ᠂ ᠸᠠᠩ ᡁᠢ ᠸᠧᠨ | ᠤᠷᠴᠢᠭᠤᠯᠤᠭᠴᠢ᠄ ᠡᠷᠳᠡᠨᠢᠴᠢᠮᠡᠭ | ᠬᠢᠨᠠᠭᠴᠢ᠄ ᠰᠤᠷᠤᠨ᠎ᠠ |