ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠣᠶ ᠰᠢᠭᠤᠶ ᠡᠪᠡᠰᠦ ᠪᠡᠯᠴᠢᠭᠡᠷ ᠢ ᠡᠪᠳᠡᠵᠦ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠲᠤᠰᠬᠠᠶ ᠲᠣᠭᠲᠠᠴᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/4/7
   2025 ᠣᠨ ᠤ 4 ᠰᠠᠷ᠎ᠠ ᠶᠢᠨ 3 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠾᠧᠦ ᠵᠢᠶᠦ᠋ᠨ ᠢᠦᠶ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠣᠶ ᠰᠢᠭᠤᠶ ᠡᠪᠡᠰᠦ ᠪᠡᠯᠴᠢᠭᠡᠷ ᠢ ᠡᠪᠳᠡᠵᠦ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠲᠤᠰᠬᠠᠶ ᠲᠣᠭᠲᠠᠴᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠰᠢᠭᠤᠨ ᠤ ᠤᠳᠤᠷᠢᠳᠤᠯᠭ᠎ᠠ ᠹᠦ᠋ ᠵᠢᠶᠠᠨ᠂ ᠷᠧᠨ ᠯᠢ ᠬᠤᠷᠠᠯ ᠳᠤ ᠣᠷᠣᠯᠴᠠᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠨᠢᠭᠡᠴᠡ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃    ᠬᠤᠷᠠᠯ ᠳᠡᠭᠡᠷ᠎ᠡ ︽ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠣᠶ ᠰᠢᠭᠤᠶ ᠡᠪᠡᠰᠦ ᠪᠡᠯᠴᠢᠭᠡᠷ ᠢ ᠡᠪᠳᠡᠵᠦ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠲᠥᠰᠦᠯ ︵ᠶᠠᠷᠢᠯᠴᠠᠬᠤ ᠨᠣᠤᠷᠠᠭ︶︾ ᠢ ᠲᠠᠶᠢᠯᠪᠤᠷᠢᠯᠠᠵᠤ᠂ ᠣᠳᠣᠬᠠᠨ ᠤ ᠭᠤᠤᠯᠳᠠᠯᠭ᠎ᠠ ᠲᠠᠢ ᠠᠵᠢᠯ ᠢ ᠳᠣᠭᠢᠷᠠᠭᠤᠯᠤᠨ ᠪᠠᠶᠢᠷᠢᠯᠠᠭᠤᠯᠵᠤ᠂ ᠪᠥᠬᠦ ᠬᠤᠰᠢᠭᠤᠨ ᠤ ᠣᠶ ᠰᠢᠭᠤᠶ ᠡᠪᠡᠰᠦ ᠪᠡᠯᠴᠢᠭᠡᠷ ᠢ ᠰᠦᠢᠳᠬᠡᠭᠰᠡᠨ ᠡᠯ᠎ᠡ ᠲᠥᠷᠥᠯ ᠤᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠠᠬᠢᠴᠠ ᠶᠢᠨ ᠪᠠᠶᠢᠳᠠᠯ ᠢ ᠮᠡᠳᠡᠭᠳᠡᠪᠡ᠃    ᠬᠤᠷᠠᠯ ᠠᠴᠠ᠂ ᠪᠥᠬᠦ ᠣᠷᠣᠨ ᠤ ᠣᠶ ᠰᠢᠭᠤᠶ ᠡᠪᠡᠰᠦ ᠪᠡᠯᠴᠢᠭᠡᠷ ᠢ ᠡᠪᠳᠡᠵᠦ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠲᠣᠬᠢᠷᠠᠭᠤᠯᠤᠯᠲᠠ ᠪᠠᠶᠢᠷᠢᠯᠠᠭᠤᠯᠤᠯᠲᠠ ᠪᠠ ᠬᠤᠲᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ᠂ ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠵᠠᠰᠠᠭ ᠤᠨ ᠣᠷᠳᠣᠨ ᠤ ᠠᠵᠢᠯ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠣᠶ ᠰᠢᠭᠤᠶ ᠡᠪᠡᠰᠦ ᠪᠡᠯᠴᠢᠭᠡᠷ ᠢ ᠰᠦᠢᠳᠬᠡᠬᠦ᠂ ᠳᠤᠷ᠎ᠠ ᠪᠠᠷ ᠢᠶᠠᠨ ᠬᠠᠭᠠᠯᠪᠤᠷᠢᠯᠠᠵᠤ ᠬᠠᠭᠠᠯᠪᠤᠷᠢᠯᠠᠬᠤ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠦᠶ᠋ᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠡᠷᠡᠰ ᠬᠤᠷᠢᠭᠯᠠᠵᠤ᠂ ᠣᠶ ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠢ ᠬᠠᠮᠢᠶᠠᠷᠤᠨ ᠬᠠᠮᠠᠭᠠᠯᠠᠬᠤ ᠴᠢᠳᠠᠪᠤᠷᠢ ᠪᠠ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠮᠠᠨ ᠤ ᠤᠯᠤᠰ ᠤᠨ ᠤᠮᠠᠷᠠᠲᠤ ᠶᠢᠨ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠦᠨᠡᠨ ᠬᠦ ᠪᠠᠬᠢᠵᠢᠭᠦᠯᠬᠦ ᠬᠡᠷᠡᠭᠲᠡᠶ ᠭᠡᠵᠦ ᠵᠢᠭᠠᠵᠤ ᠭᠠᠷᠭᠠᠪᠠ᠃    ᠬᠤᠷᠠᠯ ᠠᠴᠠ᠂ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠡᠭᠦᠷᠭᠡᠲᠦ ᠪᠤᠳᠤᠯ ᠲᠤᠯᠭᠠᠮ ᠪᠤᠳᠤᠯ ᠢᠶᠠᠨ ᠦᠨᠡᠨ ᠬᠦ ᠴᠢᠩᠭᠠᠳᠬᠠᠬᠤ ᠬᠡᠷᠡᠭᠲᠡᠢ︔ ᠭᠤᠣᠯᠳᠠᠯᠭ᠎ᠠ ᠲᠠᠢ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠡᠯ᠎ᠡ ᠵᠦᠢᠯ ᠤᠨ ᠠᠵᠢᠯ ᠤᠨ ᠡᠭᠦᠷᠭᠡ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ︔ ᠬᠠᠷᠢᠭᠤᠴᠠᠯᠭ᠎ᠠ ᠶᠢᠨ ᠬᠡᠯᠬᠢᠶ᠎ᠡ ᠶᠢ ᠪᠣᠳᠠᠲᠠᠶᠢᠵᠢᠭᠤᠯᠵᠤ᠂ ᠵᠡᠷᠭᠡ ᠪᠠᠷ ᠠᠳᠬᠤᠵᠤ ᠬᠠᠮᠲᠤ ᠪᠠᠷ ᠬᠠᠮᠢᠶᠠᠷᠬᠤ ᠬᠦᠴᠦᠷᠬᠡᠭ ᠶᠡᠭᠡ ᠬᠠᠮᠲᠤᠷᠠᠯ ᠬᠦᠴᠦᠨ ᠢ ᠨᠢᠭᠲᠠᠷᠠᠭᠤᠯᠬᠤ ᠬᠡᠷᠡᠭᠲᠡᠢ᠃                                         ᠵᠣᠬᠢᠶᠠᠭᠴᠢ᠄ ᠹᠠᠨ ᠵᠢᠶᠠ ᠸᠧᠨ                                         ᠤᠷᠴᠢᠭᠤᠯᠤᠭᠴᠢ᠄ ᠰᠤᠷᠤᠨ᠎ᠠ                                         ᠬᠢᠨᠠᠭᠴᠢ᠄ ᠡᠷᠳᠡᠨᠢᠴᠢᠮᠡᠭ
 
ᠢᠷᠡᠯᠲᠡ᠄ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号