ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠬᠤ ᠰᠤᠷᠤᠯᠴᠠᠯᠭ᠎ᠠ ᠬᠥᠮᠦᠵᠢᠯ ᠤᠨ ᠤᠩᠰᠢᠬᠤ ᠠᠩᠭᠢ ᠡᠷᠬᠢᠯᠡᠪᠡ
ᠨᠡᠶᠢᠲᠡᠯᠡᠭᠰᠡᠨ ᠴᠠᠭ᠄
2025/4/8
   4 ᠰᠠᠷ᠎ᠠ ᠶᠢᠨ 7 ᠤ ᠡᠳᠦᠷ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠬᠤ ᠰᠤᠷᠤᠯᠴᠠᠯᠭ᠎ᠠ ᠬᠥᠮᠦᠵᠢᠯ ᠤᠨ ᠤᠩᠰᠢᠬᠤ ᠠᠩᠭᠢ ᠡᠷᠭᠢᠯᠡᠪᠡ᠃ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠤᠰᠢᠭᠤᠨ ᠳᠠᠷᠤᠭ᠎ᠠ ᠵᠠᠩ ᠵᠢᠶᠠᠨ ᠪᠢᠨ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃    ᠨᠣᠮ ᠤᠩᠰᠢᠬᠤ ᠠᠩᠭᠢ ᠶᠢ ᠺᠠᠳ᠋ᠷ ᠳᠠᠭᠠᠭᠤᠯᠤᠨ ᠰᠤᠷᠤᠯᠴᠠᠬᠤ᠂ ᠰᠤᠳᠤᠯᠤᠨ ᠶᠠᠷᠢᠯᠴᠠᠵᠤ ᠰᠣᠯᠢᠯᠴᠠᠬᠤ ᠪᠠ ᠲᠥᠪᠯᠡᠷᠡᠭᠦᠯᠦᠨ ᠥᠪᠡᠰᠦᠪᠡᠨ ᠰᠤᠷᠤᠯᠴᠠᠬᠤ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ ᠶᠠᠪᠤᠭᠳᠠᠭᠤᠯᠪᠠ᠃ ᠬᠤᠷᠠᠯ ᠳᠤ ᠣᠷᠣᠯᠴᠠᠭᠰᠠᠳ ︽ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠰᠢ ᠶᠢᠨ ᠫᠢᠩ ᠤᠨ ᠥᠭᠦᠯᠡᠯᠲᠡ ᠶᠢᠨ ᠲᠡᠭᠦᠪᠦᠷᠢ︾ ᠵᠡᠷᠭᠡ ᠠᠭᠤᠯᠭ᠎ᠠ ᠶᠢ ᠬᠠᠮᠲᠤ ᠪᠠᠷ ᠰᠤᠷᠤᠯᠴᠠᠭᠰᠠᠨ ᠪᠥᠭᠡᠳ ᠭᠤᠤᠯ ᠰᠡᠳᠦᠪ ᠤᠨ ᠲᠣᠭᠤᠷᠢᠨ ᠳᠤ ᠬᠤᠪᠢ ᠬᠥᠮᠦᠨ ᠤ ᠦᠵᠡᠯ ᠰᠠᠨᠠᠭ᠎ᠠ ᠪᠠ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠰᠤᠷᠤᠯᠴᠠᠭᠰᠠᠨ ᠲᠥᠷᠥᠭᠳᠡᠯ ᠢᠶᠠᠨ ᠰᠣᠯᠢᠯᠴᠠᠪᠠ᠃    ᠬᠤᠷᠠᠯ ᠠᠴᠠ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠲᠠᠢ ᠤᠶᠠᠯᠳᠤᠭᠤᠯᠵᠤ᠂ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠡᠭᠦᠷᠭᠡ ᠬᠠᠷᠢᠭᠤᠴᠠᠯᠭ᠎ᠠ ᠳᠠᠭᠠᠨ ᠠᠭᠤᠰᠤᠯᠴᠠᠭᠤᠯᠵᠤ᠂ ᠠᠵᠢᠯᠯᠠᠭ᠎ᠠ ᠳᠡᠭᠡᠷ᠎ᠡ ᠪᠠᠨ ᠨᠠᠶᠢᠳᠠᠪᠤᠷᠢᠵᠢᠭᠤᠯᠬᠤ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠰᠤᠷᠤᠯᠴᠠᠯᠭ᠎ᠠ ᠬᠥᠮᠦᠵᠢᠯ ᠤᠨ ᠭᠤᠣᠯ ᠰᠡᠳᠦᠪ ᠪᠣᠯᠤᠨ ᠵᠠᠩᠭᠢᠯᠠᠭ᠎ᠠ ᠶᠢᠨ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠰᠤᠷᠤᠯᠴᠠᠬᠤ᠂ ᠬᠠᠷᠭᠤᠭᠤᠯᠬᠤ᠂ ᠪᠠᠶᠢᠴᠠᠭᠠᠨ ᠦᠵᠡᠬᠦ᠂ ᠴᠡᠭᠴᠡᠯᠡᠨ ᠰᠠᠶᠢᠵᠢᠷᠠᠭᠤᠯᠬᠤ ᠶᠢ ᠪᠠᠷᠢᠮᠲᠠᠯᠠᠵᠤ᠂ ᠡᠳᠦᠷ ᠲᠤᠳᠤᠮ ᠤᠨ ᠠᠵᠢᠯ ᠢ ᠨᠠᠷᠢᠨ ᠨᠢᠮᠪᠠᠢ ᠠᠳᠬᠤᠵᠤ ᠪᠠᠭ᠎ᠠ ᠳᠤᠨᠢ ᠠᠳᠬᠤᠬᠤ ᠬᠡᠷᠡᠭᠲᠡᠢ᠃ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠵᠤ᠂ ᠰᠤᠷᠤᠯᠴᠠᠯᠭ᠎ᠠ ᠬᠥᠮᠦᠵᠢᠯ ᠢ ᠵᠠᠰᠠᠭ ᠤᠨ ᠣᠷᠳᠣᠨ ᠤ ᠰᠢᠰᠲ᠋ᠧᠮ ᠤᠨ ︽ᠭᠤᠷᠪᠠᠨ ᠤᠯᠠᠨ ᠭᠤᠷᠪᠠᠨ ᠴᠥᠭᠡᠨ ᠭᠤᠷᠪᠠᠨ ᠤᠳᠠᠭᠠᠨ︾ ᠤ ᠠᠰᠠᠭᠤᠳᠠᠯ ᠢ ᠰᠢᠢᠳᠪᠦᠷᠢᠯᠡᠬᠦ ᠲᠠᠢ ᠤᠶᠠᠯᠳᠤᠭᠤᠯᠵᠤ᠂ ᠭᠤᠣᠯᠳᠠᠯᠭ᠎ᠠ ᠲᠠᠢ ᠠᠵᠢᠯ ᠲᠠᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠠᠵᠢᠯ ᠢᠶᠠᠨ ᠠᠬᠢᠭᠤᠯᠬᠤ᠂ ᠬᠥᠭᠵᠢᠯᠲᠡ ᠶᠢ ᠠᠬᠢᠭᠤᠯᠬᠤ᠂ ᠠᠷᠠᠳ ᠲᠦᠮᠡᠨ ᠳᠤ ᠦᠢᠯᠡᠴᠢᠯᠡᠬᠦ ᠪᠣᠳᠠᠲᠤ ᠦᠷ᠎ᠡ ᠪᠦᠲᠦᠮᠵᠢ ᠳᠡᠭᠡᠷ᠎ᠡ ᠦᠨᠡᠨ ᠬᠦ ᠢᠯᠡᠷᠡᠭᠦᠯᠬᠦ ᠬᠡᠷᠡᠭᠲᠡᠢ᠃                                          ᠵᠣᠬᠢᠶᠠᠭᠴᠢ᠄ ᠴᠢ ᠷᠦᠢ ᠶᠢᠨ᠂ ᠸᠠᠩ ᡁᠢ ᠸᠧᠨ                                          ᠤᠷᠴᠢᠭᠤᠯᠤᠭᠴᠢ᠄ ᠰᠤᠷᠤᠨ᠎ᠠ                                          ᠬᠢᠨᠠᠭᠴᠢ᠄ ᠡᠷᠳᠡᠨᠢᠴᠢᠮᠡᠭ
 
ᠢᠷᠡᠯᠲᠡ᠄ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号