ᠮᠠᠨ ᠤ ᠬᠤᠰᠢᠭᠤᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠶᠡᠬᠡᠲᠡᠶ ᠣᠷᠣᠨ ᠳᠤ ᠭᠠᠯ ᠢ ᠴᠢᠩᠭ᠎ᠠ ᠰᠡᠷᠭᠡᠶᠢᠯᠡᠨ ᠰᠡᠷᠭᠡᠶᠢᠯᠡᠬᠦ ᠵᠠᠷᠯᠢᠭ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2025/4/8
   ᠨᠢᠭᠡ᠂ ᠲᠣᠭᠲᠠᠭᠠᠭᠰᠠᠨ ᠠᠬᠤᠶ ᠪᠠᠶᠢᠳᠠᠯ    ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠭᠠᠯ ᠤᠨᠲᠠᠷᠠᠭᠠᠬᠤ ᠠᠵᠢᠯ ᠢ ᠴᠢᠩᠭᠠᠳᠬᠠᠵᠤ᠂ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠡᠭᠦᠰᠬᠦ ᠶᠢ ᠪᠦᠲᠦᠮᠵᠢᠲᠡᠶ ᠰᠡᠷᠭᠡᠶᠢᠯᠡᠬᠦ ᠪᠠ ᠬᠢᠵᠠᠭᠠᠷᠯᠠᠵᠤ᠂ ᠠᠮᠢ ᠠᠬᠤᠶ ᠶᠢᠨ ᠠᠮᠤᠷ ᠲᠦᠪᠰᠢᠨ ᠪᠠ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠬᠠᠮᠠᠭᠠᠯᠠᠬᠤ ᠶᠢᠨ ᠲᠤᠰᠠᠳᠠ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠲᠦᠷᠢᠮ︾ ᠢ ᠦᠨᠳᠦᠰᠦᠯᠡᠨ᠂ ︽ᠪᠥᠬᠦ ᠬᠤᠰᠢᠭᠤᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠶᠡᠬᠡᠲᠡᠶ ᠣᠷᠣᠨ ᠳᠤ ᠴᠢᠩᠭ᠎ᠠ ᠰᠡᠷᠭᠡᠶᠢᠯᠡᠯᠲᠡ ᠶᠢᠨ ᠭᠠᠯ ᠰᠡᠷᠭᠡᠶᠢᠯᠡᠬᠦ ᠲᠤᠬᠠᠶ ᠵᠠᠷᠯᠢᠭ︾ ︵ᠲᠠᠷᠠᠭᠠᠴᠢ ᠶᠢᠨ ᠵᠠᠰᠠᠭ ᠲᠠᠷᠬᠠᠭᠠᠭᠰᠠᠨ ﹇2020﹈ 12 ᠳ᠋ᠤᠭᠠᠷ ᠲᠣᠭᠠᠲᠤ︶᠂ ᠳᠣᠷᠣᠭᠰᠢ ︽ᠵᠠᠷᠯᠢᠭ︾ ᠭᠡᠵᠦ ᠲᠣᠪᠴᠢᠯᠠᠨ᠎ᠠ ᠢ ᠲᠣᠭᠲᠠᠭᠠᠪᠠ᠃    ᠬᠤᠶᠠᠷ᠂ ᠭᠤᠣᠯ ᠠᠭᠤᠯᠭ᠎ᠠ    ︽ᠵᠠᠷᠯᠢᠭ︾ ᠢ ᠨᠡᠶᠢᠲᠡ ᠭᠤᠷᠪᠠᠨ ᠬᠡᠰᠡᠭ ᠲᠤ ᠬᠤᠪᠢᠶᠠᠨ᠎ᠠ᠂ ᠡᠭᠦᠨ ᠳᠤ ᠨᠢᠭᠡᠳᠦᠭᠡᠷ ᠬᠡᠰᠡᠭ ᠨᠢ ᠭᠠᠯ ᠢ ᠰᠡᠷᠭᠡᠶᠢᠯᠡᠬᠦ ᠴᠢᠩᠭ᠎ᠠ ᠰᠡᠷᠭᠡᠶᠢᠯᠡᠯᠲᠡ ᠶᠢᠨ ᠬᠤᠭᠤᠴᠠᠭ᠎ᠠ︔ ᠬᠤᠶᠠᠳᠤᠭᠠᠷ ᠬᠡᠰᠡᠭ ᠨᠢ ᠭᠠᠯ ᠢ ᠰᠡᠷᠭᠡᠶᠢᠯᠡᠬᠦ ᠴᠢᠩᠭ᠎ᠠ ᠰᠡᠷᠭᠡᠶᠢᠯᠡᠯᠲᠡ ᠶᠢᠨ ᠣᠷᠣᠨ ᠭᠡᠵᠦ ᠬᠤᠪᠢᠶᠠᠨ᠎ᠠ︔ ᠭᠤᠷᠪᠠᠳᠤᠭᠠᠷ ᠬᠡᠰᠡᠭ ᠨᠢ ᠴᠢᠩᠭ᠎ᠠ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠪᠣᠯᠣᠨ᠎ᠠ᠃    ᠭᠤᠷᠪᠠ᠂ ᠴᠢᠩᠭ᠎ᠠ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ    ᠨᠢᠭᠡ ᠳᠤ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠶᠡᠬᠡᠲᠡᠶ ᠣᠷᠣᠨ ᠳᠤ ᠠᠲᠠᠷ ᠰᠢᠲᠠᠭᠠᠬᠤ᠂ ᠭᠤᠤᠷᠰᠤ ᠰᠢᠲᠠᠭᠠᠬᠤ᠂ ᠭᠠᠯ ᠨᠣᠴᠣᠭᠠᠵᠤ ᠳᠤᠯᠠᠭᠠᠯᠠᠬᠤ᠂ ᠪᠤᠯᠠᠰᠢᠨ ᠳᠡᠭᠡᠷ᠎ᠡ ᠴᠠᠭᠠᠰᠤ ᠰᠢᠲᠠᠭᠠᠬᠤ᠂ ᠲᠠᠮᠠᠬᠢ ᠲᠠᠲᠠᠬᠤ᠂ ᠬᠡᠭᠡᠷ᠎ᠡ ᠬᠤᠭᠤᠯᠠᠯᠠᠬᠤ ᠵᠢᠴᠢ ᠬᠤᠸᠠᠷ ᠫᠤᠤᠵᠢᠩ ᠲᠠᠯᠪᠢᠬᠤ ᠵᠡᠷᠭᠡ ᠭᠠᠯ ᠬᠡᠷᠡᠭᠯᠡᠬᠦ ᠦᠢᠯᠡ ᠠᠵᠢᠯᠯᠠᠭ᠎ᠠ ᠶᠢ ᠴᠢᠩᠭ᠎ᠠ ᠴᠠᠭᠠᠵᠠᠯᠠᠵᠤ᠂ ᠭᠠᠯ ᠤᠨ ᠠᠶᠤᠯ ᠶᠡᠬᠡᠲᠡᠶ ᠣᠷᠣᠨ ᠤ ᠰᠠᠭᠤᠭᠠᠯᠢ ᠠᠷᠠᠳ ᠤᠨ ᠭᠠᠯ ᠰᠡᠷᠭᠡᠶᠢᠯᠡᠬᠦ ᠭᠠᠯ ᠬᠡᠷᠡᠭᠯᠡᠬᠦ ᠵᠢᠴᠢ ᠦᠢᠯᠡᠳᠪᠦᠷᠢ ᠠᠭᠤᠷᠬᠠᠶ ᠶᠢᠨ ᠠᠵᠤ ᠠᠬᠤᠶᠢᠯᠠᠯ᠂ ᠵᠢᠭᠤᠯᠴᠢᠯᠠᠯ ᠤᠨ ᠦᠵᠡᠮᠵᠢ ᠶᠢᠨ ᠣᠷᠣᠨ ᠤ ᠭᠠᠯ ᠬᠡᠷᠡᠭᠯᠡᠬᠦ ᠠᠮᠤᠷ ᠲᠦᠪᠰᠢᠨ ᠤ ᠠᠵᠢᠯ ᠢ ᠰᠠᠶᠢᠲᠤᠷ ᠬᠢᠬᠦ ᠬᠡᠷᠡᠭᠲᠡᠶ᠃ ᠳᠡᠭᠡᠳᠦᠰ ᠤᠨ ᠲᠠᠬᠢᠯᠭ᠎ᠠ ᠨᠢ ᠮᠣᠳᠣ ᠲᠠᠷᠢᠬᠤ᠂ ᠴᠡᠴᠡᠭ ᠬᠦᠷᠭᠡᠬᠦ ᠵᠡᠷᠭᠡ ᠪᠣᠯᠪᠠᠰᠤᠨ ᠠᠷᠭ᠎ᠠ ᠪᠠᠷ ᠲᠠᠬᠢᠯᠭ᠎ᠠ ᠡᠷᠭᠦᠳᠡᠭ᠃    ᠬᠤᠶᠠᠷ ᠲᠤ᠂ ᠢᠷᠭᠡᠨ ᠤ ᠬᠡᠷᠡᠭ ᠤᠨ ᠠᠵᠢᠯᠯᠠᠭ᠎ᠠ ᠶᠢᠨ ᠪᠦᠷᠢᠨ ᠪᠤᠰᠤ ᠴᠢᠳᠠᠪᠤᠷᠢ ᠲᠠᠢ ᠬᠥᠮᠥᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠨᠠᠰᠤᠨ ᠳᠤ ᠦᠯᠦ ᠬᠦᠷᠦᠭᠰᠡᠳ ᠪᠣᠯᠤᠨ ᠲᠡᠨᠡᠭ᠂ ᠲᠡᠨᠡᠭ ᠬᠥᠮᠦᠰ ᠲᠤ ᠳᠠᠭᠠᠳᠬᠠᠯ ᠢ ᠨᠢ ᠳᠠᠭᠠᠭᠠᠴᠢᠯᠠᠬᠤ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠲᠡᠭᠦᠨ ᠠᠴᠠ ᠪᠣᠯᠤᠭᠰᠠᠨ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠢ ᠬᠢᠨᠠᠨ ᠬᠠᠮᠠᠭᠠᠯᠠᠭᠴᠢ ᠠᠴᠠ ᠵᠣᠬᠢᠴᠠᠩᠭᠤᠶ ᠪᠦᠬᠦᠢ ᠡᠷᠡᠭᠦᠦ ᠶᠢᠨ ᠬᠡᠷᠡᠭ ᠪᠤᠶᠤ ᠢᠷᠭᠡᠨ ᠤ ᠬᠡᠷᠡᠭ ᠤᠨ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠶ᠃    ᠭᠤᠷᠪᠠ ᠳᠤ ᠭᠠᠯ ᠰᠡᠷᠭᠡᠶᠢᠯᠡᠬᠦ ᠴᠢᠩᠭ᠎ᠠ ᠰᠡᠷᠭᠡᠶᠢᠯᠡᠯᠲᠡ ᠶᠢᠨ ᠣᠷᠣᠨ ᠳᠤ ᠭᠠᠯ ᠰᠡᠷᠭᠡᠶᠢᠯᠡᠬᠦ ᠤᠬᠠᠭᠤᠯᠭ᠎ᠠ ᠬᠥᠮᠦᠵᠢᠯ ᠤᠨ ᠡᠷᠴᠢᠮ ᠢᠶᠠᠨ ᠴᠢᠩᠭᠠᠷᠠᠭᠤᠯᠬᠤ ᠬᠡᠷᠡᠭᠲᠡᠶ᠃ ᠤᠯᠠᠮᠵᠢᠯᠠᠯᠲᠤ ᠵᠠᠭᠤᠴᠢᠯᠠᠭᠤᠷ᠂ ᠰᠢᠨ᠎ᠡ ᠵᠠᠭᠤᠴᠢᠯᠠᠭᠤᠷ᠂ ᠤᠷᠢᠶ᠎ᠠ᠂ ᠤᠬᠠᠭᠤᠯᠭ᠎ᠠ ᠶᠢᠨ ᠬᠠᠭᠤᠳᠠᠰᠤ ᠵᠡᠷᠭᠡ ᠣᠯᠠᠨ ᠵᠦᠢᠯ ᠤᠨ ᠬᠡᠯᠪᠡᠷᠢ ᠶᠢ ᠠᠰᠢᠭᠯᠠᠨ᠂ ᠪᠥᠬᠦ ᠲᠠᠯ᠎ᠠ ᠶᠢᠨ ᠤᠬᠠᠭᠤᠯᠭ᠎ᠠ ᠬᠢᠨ᠎ᠠ᠃    ᠳᠥᠷᠪᠡ ᠳᠤ ᠭᠠᠯ ᠤᠨ ᠲᠥᠷᠥᠯ ᠢ ᠵᠢᠭᠰᠠᠭᠠᠨ ᠪᠠᠶᠢᠴᠠᠭᠠᠬᠤ ᠶᠢ ᠴᠢᠩᠭᠠᠳᠬᠠᠨ᠎ᠠ᠃ ᠡᠯ᠎ᠡ ᠰᠤᠮᠤ ᠰᠢᠶᠠᠩ ᠪᠠᠯᠭᠠᠰᠤ᠂ ᠣᠶ ᠰᠢᠭᠤᠶ ᠶᠢᠨ ᠲᠠᠯᠠᠪᠠᠶ ᠵᠡᠷᠭᠡ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠶᠡᠬᠡᠲᠡᠶ ᠣᠷᠣᠨ ᠳᠤ᠂ ᠡᠯ᠎ᠡ ᠭᠤᠤᠯ ᠵᠠᠮ ᠤᠨ ᠠᠭᠤᠯᠵᠠᠷ ᠲᠤ ᠲᠦᠷ ᠴᠠᠭ ᠤᠨ ᠪᠠᠶᠢᠴᠠᠭᠠᠬᠤ ᠥᠷᠲᠡᠭᠡ ᠪᠠᠶᠢᠭᠤᠯᠤᠨ ᠠᠭᠤᠯᠠ ᠶᠢ ᠪᠢᠲᠡᠭᠦᠮᠵᠢᠯᠡᠨ ᠭᠠᠯ ᠰᠡᠷᠭᠡᠶᠢᠯᠡᠬᠦ ᠶᠢ ᠬᠡᠷᠡᠭᠵᠢᠭᠦᠯᠵᠦ᠂ ᠰᠢᠭᠤᠶᠢᠲᠤ ᠣᠷᠣᠨ ᠳᠤ ᠣᠷᠣᠬᠤ ᠬᠥᠮᠦᠰ ᠪᠠ ᠲᠡᠷᠭᠡ ᠬᠥᠰᠬᠡ ᠶᠢ ᠴᠢᠩᠭ᠎ᠠ ᠪᠠᠶᠢᠴᠠᠭᠠᠵᠤ᠂ ᠳᠡᠩᠰᠡᠯᠡᠪᠡᠯ ᠰᠠᠶ᠋ᠢ ᠣᠷᠣᠭᠤᠯᠵᠤ᠂ ᠭᠠᠯ ᠤᠨ ᠲᠥᠷᠥᠯ ᠢᠶᠠᠨ ᠠᠪᠴᠤ ᠰᠢᠭᠤᠶᠢᠲᠤ ᠣᠷᠣᠨ ᠳᠤ ᠣᠷᠣᠬᠤ ᠶᠢ ᠴᠢᠩᠭ᠎ᠠ ᠴᠠᠭᠠᠵᠠᠯᠠᠬᠤ ᠶᠢᠨ ᠬᠠᠮᠲᠤ ᠰᠢᠭᠤᠶᠢᠲᠤ ᠣᠷᠣᠨ ᠤ ᠵᠠᠮ ᠳᠡᠭᠡᠷ᠎ᠡ ᠥᠨᠢᠳᠡ ᠶᠢᠨ ᠴᠢᠨᠠᠷᠲᠠᠶ ᠰᠠᠨᠠᠭᠤᠯᠤᠮᠵᠢ ᠶᠢᠨ ᠫᠠᠶᠢᠰᠠ᠂ ᠰᠡᠷᠡᠮᠵᠢ ᠶᠢᠨ ᠫᠠᠶᠢᠰᠠ ᠭᠠᠷᠭᠠᠬᠤ ᠬᠡᠷᠡᠭᠲᠡᠶ᠃ ︽ᠠᠭᠤᠯᠠ ᠶᠢ ᠴᠡᠪᠡᠷᠯᠡᠬᠦ᠂ ᠭᠤᠤ ᠶᠢ ᠴᠡᠪᠡᠷᠯᠡᠬᠦ᠂ ᠤᠢ ᠰᠢᠭᠤᠢ ᠶᠢ ᠴᠡᠪᠡᠷᠯᠡᠬᠦ︾ ᠠᠵᠢᠯᠯᠠᠭ᠎ᠠ ᠶᠢ ᠨᠠᠷᠢᠨ ᠬᠢᠨᠠᠮᠠᠭᠠᠢ ᠵᠣᠬᠢᠶᠠᠨ ᠪᠠᠶᠢᠭᠤᠯᠤᠨ ᠥᠷᠨᠢᠭᠦᠯᠵᠦ᠂ ᠭᠠᠯ ᠤᠨ ᠠᠶᠤᠯ ᠤᠨ ᠠᠯᠢᠪᠠ ᠭᠡᠮ ᠰᠣᠭᠤᠭ ᠢ ᠪᠦᠬᠦ ᠬᠦᠴᠦᠨ ᠢᠶᠠᠷ ᠢᠶᠠᠨ ᠠᠷᠢᠯᠭᠠᠬᠤ ᠬᠡᠷᠡᠭᠲᠡᠢ᠃ ᠭᠠᠯ ᠲᠦᠢᠮᠡᠷ ᠭᠠᠷᠪᠠᠯ᠂ ᠭᠤᠤᠯ ᠤᠳᠤᠷᠢᠳᠤᠯᠭ᠎ᠠ ᠪᠡᠶ᠎ᠡ ᠪᠠᠷ ᠢᠶᠠᠨ ᠲᠤᠬᠠᠶ ᠶᠢᠨ ᠲᠠᠯᠠᠪᠠᠶ ᠳᠤ ᠬᠦᠷᠴᠦ ᠭᠠᠯ ᠤᠨᠲᠠᠷᠠᠭᠠᠬᠤ ᠶᠢ ᠵᠢᠯᠣᠭᠤᠳᠬᠤ ᠬᠡᠷᠡᠭᠲᠡᠶ᠃ ᠬᠥᠭᠰᠢᠨ ᠪᠠᠭᠤᠷᠠᠶ ᠵᠡᠮᠳᠡᠭ ᠪᠠ ᠨᠠᠰᠤᠨ ᠳᠤ ᠦᠯᠦ ᠬᠦᠷᠦᠭᠰᠡᠳ ᠢ ᠳᠠᠶᠢᠴᠢᠯᠠᠨ ᠭᠠᠯ ᠤᠨᠲᠠᠷᠠᠭᠠᠬᠤ ᠳᠤ ᠣᠷᠣᠯᠴᠠᠭᠤᠯᠬᠤ ᠶᠢ ᠴᠠᠭᠠᠵᠠᠯᠠᠨ᠎ᠠ᠃    ᠲᠠᠪᠤ ᠳᠤ ᠭᠠᠯ ᠤᠨ ᠠᠶᠤᠯ ᠶᠡᠬᠡᠲᠡᠶ ᠣᠷᠣᠨ ᠳᠤ ᠣᠷᠣᠬᠤ ᠬᠥᠮᠦᠰ᠂ ᠲᠡᠷᠭᠡ ᠬᠥᠰᠬᠡ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠶ᠃ ᠭᠠᠯ ᠤᠨ ᠠᠶᠤᠯ ᠶᠡᠬᠡᠲᠡᠶ ᠣᠷᠣᠨ ᠳᠤ ᠣᠷᠣᠬᠤ ᠲᠡᠷᠭᠡ ᠪᠠ ᠬᠤᠪᠢ ᠬᠥᠮᠦᠨ ᠡᠷᠬᠡᠪᠰᠢ ᠬᠤᠰᠢᠭᠤᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠵᠥᠪᠰᠢᠶᠡᠷᠡᠭᠰᠡᠨ ᠴᠠᠭ᠂ ᠭᠠᠵᠠᠷ᠂ ᠬᠡᠪᠴᠢᠶ᠎ᠡ ᠶᠣᠰᠣᠭᠠᠷ ᠠᠵᠢᠯᠯᠠᠭ᠎ᠠ ᠬᠢᠬᠦ ᠶᠢᠨ ᠬᠠᠮᠲᠤ ᠬᠤᠰᠢᠭᠤᠨ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠣᠶ ᠰᠢᠭᠤᠶ ᠨᠤᠲᠤᠭ ᠪᠡᠯᠴᠢᠭᠡᠷ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠶᠢ ᠬᠦᠯᠢᠶᠡᠬᠦ ᠶᠢᠨ ᠬᠠᠮᠲᠤ ᠴᠢᠬᠤᠯᠠ ᠪᠥᠬᠦᠶ ᠭᠠᠯ ᠰᠡᠷᠭᠡᠶᠢᠯᠡᠬᠦ ᠠᠷᠭ᠎ᠠ ᠬᠡᠮᠵᠢᠶ᠎ᠡ ᠠᠪᠬᠤ ᠬᠡᠷᠡᠭᠲᠡᠶ︔ ᠭᠠᠯ ᠤᠨ ᠠᠶᠤᠯ ᠶᠡᠬᠡᠲᠡᠶ ᠣᠷᠣᠨ ᠳᠤ ᠣᠷᠣᠬᠤ ᠡᠯ᠎ᠡ ᠵᠦᠢᠯ ᠤᠨ ᠮᠠᠰᠢᠨ ᠲᠡᠷᠭᠡ ᠨᠦᠭᠦᠳ ᠲᠣᠭᠲᠠᠭᠠᠯ ᠶᠣᠰᠣᠭᠠᠷ ᠭᠠᠯ ᠰᠡᠷᠭᠡᠶᠢᠯᠡᠬᠦ ᠲᠣᠨᠣᠭᠯᠠᠯ ᠤᠭᠰᠠᠷᠠᠵᠤ᠂ ᠭᠠᠯ ᠤᠨᠲᠠᠷᠠᠭᠠᠬᠤ ᠪᠠᠭᠠᠵᠢ ᠬᠡᠷᠡᠭᠰᠡᠯ ᠲᠣᠬᠢᠷᠠᠭᠤᠯᠬᠤ ᠬᠡᠷᠡᠭᠲᠡᠶ︔ ᠭᠠᠯ ᠰᠡᠷᠭᠡᠶᠢᠯᠡᠬᠦ ᠬᠠᠤᠯᠢ ᠬᠡᠷᠡᠭᠵᠢᠭᠦᠯᠬᠦ ᠠᠵᠢᠯᠲᠠᠨ ᠤ ᠬᠢᠨᠠᠯᠲᠠ ᠪᠠᠶᠢᠴᠠᠭᠠᠯᠲᠠ ᠶᠢ ᠡᠷᠬᠡᠪᠰᠢ ᠬᠦᠯᠢᠶᠡᠬᠦ ᠬᠡᠷᠡᠭᠲᠡᠶ᠃    ᠵᠢᠷᠭᠤᠭ᠎ᠠ ᠳᠤ᠂ ᠴᠢᠩᠭ᠎ᠠ ᠰᠢᠢᠳᠬᠡᠨ᠎ᠡ᠃ ᠵᠥᠪᠰᠢᠶᠡᠷᠡᠭᠦᠯᠦᠭᠡᠳᠦᠶ ᠪᠠᠷ ᠣᠢ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠴᠢᠩᠭ᠎ᠠ ᠰᠡᠷᠭᠡᠶᠢᠯᠡᠯᠲᠡ ᠶᠢᠨ ᠣᠷᠣᠨ ᠤ ᠳᠣᠲᠣᠷ᠎ᠠ ᠬᠡᠭᠡᠷ᠎ᠡ ᠭᠠᠳᠠᠨ᠎ᠠ ᠳᠤᠷ᠎ᠠ ᠪᠠᠷ ᠢᠶᠠᠨ ᠭᠠᠯ ᠬᠡᠷᠡᠭᠯᠡᠭᠰᠡᠨ ᠪᠣᠯ ︽ᠣᠢ ᠰᠢᠭᠤᠶ ᠶᠢᠨ ᠭᠠᠯ ᠰᠡᠷᠭᠡᠶᠢᠯᠡᠬᠦ ᠳᠦᠷᠢᠮ︾ ᠤᠨ ᠲᠠᠪᠢᠳᠤᠭᠠᠷ ᠵᠦᠢᠯ ᠤᠨ ᠲᠣᠭᠲᠠᠭᠠᠯ ᠢ ᠦᠨᠳᠦᠰᠦᠯᠡᠨ᠂ ᠬᠤᠰᠢᠭᠤᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠣᠢ ᠰᠢᠭᠤᠶ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠵᠠᠷᠯᠢᠭᠳᠠᠨ ᠵᠣᠭᠰᠣᠭᠠᠵᠤ᠂ ᠰᠡᠷᠡᠮᠵᠢ ᠥᠭᠴᠦ᠂ ᠬᠤᠪᠢ ᠬᠥᠮᠦᠨ ᠢ 200 ᠲᠥᠭᠦᠷᠢᠭ ᠠᠴᠠ ᠳᠡᠭᠡᠭᠰᠢ 3000 ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠢᠳᠭᠡᠵᠤ᠂ ᠨᠢᠭᠡᠴᠡ ᠶᠢ 1 ᠲᠦᠮᠡᠨ ᠲᠥᠭᠦᠷᠢᠭ ᠠᠴᠠ ᠳᠡᠭᠡᠭᠰᠢ 5 ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠨ᠎ᠠ᠃ ᠠᠳᠡᠯ ᠠᠴᠠ ᠪᠤᠯᠵᠤ ᠣᠢ ᠰᠢᠭᠤᠢ ᠶᠢᠨ ᠭᠠᠯ ᠤᠨ ᠭᠠᠮᠰᠢᠭ ᠡᠭᠦᠰᠴᠦ᠂ ᠭᠠᠯ ᠭᠠᠷᠪᠠᠯ ᠣᠢ ᠰᠢᠭᠤᠢ ᠶᠢᠨ ᠭᠠᠵᠠᠷ ᠤᠨ ᠲᠠᠯᠠᠪᠠᠢ ᠨᠢ 2 ᠾᠧᠺᠲ᠋ᠠᠷ ᠠᠴᠠ ᠳᠡᠭᠡᠭᠰᠢ ᠪᠣᠶᠣ ᠭᠠᠯ ᠦᠩᠭᠡᠷᠡᠬᠦ ᠰᠡᠶᠢᠷᠡᠭ ᠣᠶᠢᠳᠣ ᠭᠠᠵᠠᠷ᠂ ᠪᠣᠳᠠ ᠮᠣᠳᠤᠨ ᠤ ᠣᠶᠢᠳᠣ ᠭᠠᠵᠠᠷ᠂ ᠣᠢ ᠰᠢᠭᠤᠢ ᠶᠢᠨ ᠭᠠᠵᠠᠷ ᠭᠡᠵᠦ ᠦᠭᠡᠢ 4 ᠾᠧᠺᠲ᠋ᠠᠷ ᠠᠴᠠ ᠲᠡᠭᠡᠭᠰᠢ ᠣᠢ ᠰᠢᠭᠤᠢ ᠶᠢᠨ ᠭᠠᠵᠠᠷ᠂ ᠡᠷᠡᠭᠦᠦ ᠶᠢᠨ ᠬᠠᠤᠯᠢ ᠶᠢᠨ 115 ᠳ᠋ᠤᠭᠠᠷ ᠵᠦᠢᠯ ᠤᠨ 2 ᠳ᠋ᠤᠭᠠᠷ ᠵᠣᠷᠪᠣᠰ ᠤᠨ ᠲᠣᠭᠳᠠᠭᠠᠯ ᠢ ᠦᠨᠳᠦᠰᠦᠯᠡᠨ᠂ ᠬᠠᠣᠯᠢ ᠴᠠᠭᠠᠵᠠ ᠶᠢᠨ ᠰᠠᠯᠠᠭ᠎ᠠ ᠮᠦᠴᠢᠷ ᠲᠤ ᠰᠢᠯᠵᠢᠭᠦᠯᠦᠨ ᠦᠭᠴᠦ ᠲᠡᠭᠦᠨ ᠢ ᠨᠡᠬᠡᠮᠵᠢᠯᠡᠬᠦᠯᠪᠡ᠃
 
ᠢᠷᠡᠯᠲᠡ᠄ ᠴᠠᠬᠠᠷ ᠪᠠᠷᠠᠭᠤᠨ ᠭᠠᠷᠤᠨ ᠬᠤᠶᠢᠳᠣ ᠬᠤᠰᠢᠭᠤᠨ ᠤ ᠠᠷᠠᠳ ᠤᠨ ᠵᠠᠰᠠᠭ ᠤᠨ ᠣᠷᠳᠣᠨ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号