5 ᠰᠠᠷ᠎ᠠ ᠶᠢᠨ 7 ᠤ ᠡᠳᠦᠷ ᠠᠴᠠ 8 ᠤ ᠡᠳᠦᠷ ᠪᠣᠯᠲᠠᠯ᠎ᠠ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ | ᠰᠠᠯᠠᠭᠠᠨ ᠲᠠᠰ ᠤᠨ ᠵᠠᠯᠠᠭᠤ ᠺᠠᠳ᠋ᠷᠴᠤᠳ ᠤᠨ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ | ᠲᠤᠤᠱᠯᠠᠭᠤᠯᠬᠤ ᠰᠤᠷᠤᠯᠴᠠᠯᠭ᠎ᠠ ᠬᠥᠮᠦᠵᠢᠯ ᠤᠨ ᠨᠣᠮ ᠤᠩᠰᠢᠬᠤ ᠠᠩᠭᠢ ᠡᠷᠭᠢᠯᠡᠪᠡ᠃ ᠨᠣᠮ ᠤᠩᠰᠢᠬᠤ ᠠᠩᠭᠢ ᠶᠢ | ᠲᠤᠰᠬᠠᠶ ᠰᠡᠳᠦᠪ ᠢᠶᠠᠷ ᠬᠠᠪᠰᠤᠷᠤᠨ ᠵᠢᠯᠣᠭᠤᠳᠬᠤ᠂ ᠲᠥᠪᠯᠡᠷᠡᠭᠦᠯᠦᠨ ᠰᠤᠷᠤᠯᠴᠠᠬᠤ᠂ ᠰᠡᠷᠡᠮᠵᠢᠯᠡᠭᠦᠯᠬᠦ ᠬᠥᠮᠦᠵᠢᠯ᠂ | ᠰᠤᠳᠤᠯᠤᠨ ᠶᠠᠷᠢᠯᠴᠠᠵᠤ ᠰᠣᠯᠢᠯᠴᠠᠬᠤ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ ᠶᠠᠪᠤᠭᠳᠠᠭᠤᠯᠵᠤ᠂ ᠵᠠᠯᠠᠭᠤ | ᠺᠠᠳ᠋ᠷᠴᠤᠳ ᠪᠠᠷᠢᠮᠵᠢᠶ᠎ᠠ ᠲᠠᠢ ᠬᠠᠷᠢᠴᠠᠭᠤᠯᠤᠨ ᠬᠠᠷᠭᠤᠭᠤᠯᠵᠤ᠂ ᠵᠠᠳᠠᠯᠤᠨ ᠰᠢᠨᠵᠢᠯᠡᠵᠦ ᠲᠤᠩᠭᠠᠨ ᠪᠣᠳᠣᠯᠬᠢᠯᠠᠵᠤ᠂ | ᠰᠤᠷᠤᠯᠴᠠᠭᠤᠯᠵᠤ ᠪᠠᠶᠢᠴᠠᠭᠠᠨ ᠥᠭᠡᠷᠡᠴᠢᠯᠡᠬᠦ ᠶᠢ ᠨᠢᠭᠡ ᠴᠣᠭᠴᠠᠵᠢᠭᠤᠯᠤᠨ ᠠᠬᠢᠭᠤᠯᠪᠠ᠃ | ᠨᠣᠮ ᠤᠩᠰᠢᠬᠤ ᠠᠩᠭᠢ ᠳᠤ ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠪᠠᠭᠰᠢ ᠶᠢ | ᠤᠷᠢᠵᠤ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠬᠤ ᠰᠤᠷᠤᠯᠴᠠᠯᠭ᠎ᠠ | ᠬᠥᠮᠦᠵᠢᠯ ᠤᠨ ᠲᠤᠰᠬᠠᠶ ᠰᠡᠳᠦᠪᠲᠦ ᠬᠠᠪᠰᠤᠷᠤᠨ ᠵᠢᠯᠣᠭᠤᠳᠬᠤ ᠲᠠᠶᠢᠯᠤᠮᠵᠢ ᠬᠢᠯᠭᠡᠪᠡ᠃ ᠲᠥᠪ ᠬᠤᠷᠢᠶ᠎ᠠ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠶᠢᠨ ︽ᠲᠥᠪ ᠤᠨ ᠨᠠᠢᠮᠠᠨ | ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠵᠥᠷᠢᠴᠡᠭᠰᠡᠨ ᠨᠡᠶᠢᠲᠡᠯᠢᠭ | ᠬᠡᠷᠡᠭ ᠤᠨ ᠵᠢᠱᠢᠶ᠎ᠡ︾ ᠶᠢ ᠵᠠᠷᠯᠠᠨ ᠮᠡᠳᠡᠭᠳᠡᠭᠰᠡᠨ ᠪᠥᠭᠡᠳ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠢ ᠦᠵᠡᠪᠡ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠵᠠᠯᠠᠭᠤ ᠺᠠᠳ᠋ᠷᠴᠤᠳ ᠪᠥᠬᠦ ᠬᠤᠰᠢᠭᠤᠨ ᠤ ᠡᠯ᠎ᠡ ᠵᠦᠢᠯ ᠤᠨ ᠠᠵᠢᠯ | ᠦᠢᠯᠡᠰ ᠤᠨ ᠬᠥᠭᠵᠢᠯᠲᠡ ᠶᠢ ᠠᠬᠢᠭᠤᠯᠬᠤ ᠬᠦᠨᠳᠦ ᠡᠭᠦᠷᠭᠡ ᠶᠢ ᠡᠭᠦᠷᠭᠡᠯᠡᠵᠦ᠂ ᠤᠯᠤᠰ ᠲᠥᠷᠥ ᠶᠢᠨ | ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ᠂ ᠲᠥᠪ ᠤᠨ ᠨᠡᠢᠮᠡᠨ ᠲᠣᠭᠲᠠᠭᠠᠯ ᠤᠨ ᠵᠣᠷᠢᠭ ᠰᠠᠨᠠᠭᠠᠨ ᠤ | ᠰᠤᠷᠤᠯᠴᠠᠯᠭ᠎ᠠ ᠬᠥᠮᠦᠵᠢᠯ ᠢ ᠭᠦᠨᠵᠡᠭᠡᠶ ᠥᠷᠨᠢᠭᠦᠯᠬᠦ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠶ ᠲᠠᠨᠢᠵᠤ᠂ | ᠲᠣᠰ ᠤᠳᠠᠭᠠᠨ ᠤ ᠨᠣᠮ ᠤᠩᠰᠢᠬᠤ ᠠᠩᠭᠢ ᠪᠠᠷ ᠠᠵᠠ ᠲᠣᠬᠢᠶᠠᠯ ᠪᠣᠯᠭᠠᠵᠤ᠂ ᠰᠤᠷᠤᠯᠴᠠᠯᠭ᠎ᠠ ᠶᠢᠨ ᠳᠤᠮᠳᠠ ᠤᠯᠤᠰ | ᠲᠥᠷᠥ ᠶᠢᠨ ᠦᠨᠡᠨᠴᠢ ᠰᠢᠳᠤᠷᠭᠤ ᠶᠢ ᠪᠠᠬᠢᠵᠢᠭᠦᠯᠵᠦ᠂ ᠢᠲᠡᠭᠡᠯ ᠪᠢᠰᠢᠷᠡᠯ ᠤᠨ ᠰᠠᠭᠤᠷᠢ ᠪᠠᠨ ᠪᠠᠬᠢᠵᠢᠭᠦᠯᠵᠦ᠂ ᠨᠠᠮᠴᠢ | ᠴᠢᠨᠠᠷ ᠢᠶᠠᠨ ᠲᠠᠰᠤᠷᠠᠯᠲᠠ ᠥᠬᠡᠶ ᠳᠠᠪᠲᠠᠨ ᠪᠣᠯᠪᠠᠰᠤᠷᠠᠭᠤᠯᠵᠤ᠂ ᠰᠤᠷᠤᠯᠴᠠᠯᠭ᠎ᠠ ᠬᠥᠮᠦᠵᠢᠯ ᠢ ᠲᠤᠬᠠᠶᠢᠯᠠᠭᠰᠠᠨ | ᠠᠵᠢᠯ ᠢᠶᠠᠨ ᠰᠠᠶᠢᠲᠤᠷ ᠬᠢᠬᠦ ᠯᠦᠭᠡ ᠨᠢᠭᠲᠠ ᠤᠶᠠᠯᠳᠤᠭᠤᠯᠵᠤ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢᠶᠠᠨ | ᠰᠤᠷᠲᠠᠯ ᠢᠶᠠᠨ ᠰᠠᠶᠢᠵᠢᠷᠠᠭᠤᠯᠬᠤ᠂ ᠠᠵᠢᠯ ᠢᠶᠠᠨ ᠠᠬᠢᠭᠤᠯᠬᠤ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠵᠤ᠂ ᠪᠥᠬᠦ | ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠳᠤ ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠶ ᠭᠡᠵᠡᠶ᠃ | | | | | ᠵᠣᠬᠢᠶᠠᠭᠴᠢ᠄ ᠹᠠᠨ ᠵᠢᠶᠠ ᠸᠧᠨ | ᠴᠢᠮᠡᠭᠡᠯᠡᠭᠴᠢ᠄ ᠴᠢ ᠷᠦᠢ ᠶᠢᠨ | ᠤᠷᠴᠢᠭᠤᠯᠤᠭᠴᠢ᠄ ᠰᠤᠷᠤᠨ᠎ᠠ | ᠬᠢᠨᠠᠭᠴᠢ᠄ ᠡᠷᠳᠡᠨᠢᠴᠢᠮᠡᠭ | | |